ᠪᠦᠬᠦ ᠤᠷᠤᠨ ᠤ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠵᠢᠴᠢ ᠵᠢᠵᠢᠭ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ ᠲᠤᠬᠠᠢ ᠶᠢᠨ ᠭᠠᠵᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/25
     9 ᠳ᠋ᠤᠭᠡᠷ ᠰᠠᠷ᠎ᠠ ᠶᠢᠨ 21 ᠠᠴᠠ 22 ᠤᠨ ᠡᠳᠤᠷ ᠪᠤᠯᠳᠠᠯ᠎ᠠ᠂ ᠪᠦᠬᠦ ᠤᠷᠤᠨ ᠤ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠵᠢᠴᠢ ᠵᠢᠵᠢᠭ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ   ᠶᠢᠨ ᠲᠤᠬᠠᠢ ᠶᠢᠨ ᠭᠠᠵᠠᠷ ᠤᠨ ᠬᠤᠷᠠᠯ ᠤᠷᠳᠤᠰ ᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠸᠠᠩ ᠪᠦᠸᠧ᠂ ᠤᠳᠤ ᠦᠶ᠎ᠠ ᠶᠢᠨ ᠬᠤᠳᠠ ᠶᠢᠨ ᠵᠠᠰᠠᠯᠳᠠ ᠳᠤ᠂ ᠬᠤᠳᠠ ᠶᠢᠨ ᠬᠦᠭᠵᠢᠯᠳᠠ ᠶᠢᠨ ᠵᠢᠮ᠎ᠠ ᠶᠤᠰᠤ ᠶᠢ ᠵᠢᠷᠤᠮᠯᠠᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢ ᠠᠬᠢᠭᠤᠯᠵᠤ᠂ ᠬᠦᠮᠤᠰ ᠤᠨ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠭᠡᠷᠡᠭᠳᠠᠢ᠃ ︽ᠬᠦᠮᠤᠨ ᠢᠶᠠᠷ ᠦᠨᠳᠤᠰᠤ ᠪᠤᠯᠭᠠᠬᠤ︾ ᠣᠨᠤᠯᠵᠢᠬᠤᠨ ᠢ ᠪᠤᠢ ᠪᠤᠯᠭᠠᠵᠤ᠂ ᠬᠤᠳᠠ ᠶᠢᠨ ᠲᠦᠯᠤᠪᠵᠢᠬᠦᠯᠬᠡ᠂ ᠪᠦᠳᠤᠬᠡᠨ ᠪᠠᠶᠢᠭᠤᠯᠤᠯᠳᠠ᠂ ᠬᠠᠮᠢᠶᠠᠷᠤᠯᠳᠠ ᠶᠢ ᠵᠤᠬᠢᠴᠠᠭᠤᠯᠤᠨ ᠰᠠᠶᠢᠳᠤᠷ ᠠᠳᠬᠤᠵᠤ᠂ ᠨᠠᠷᠢᠯᠢᠬᠵᠢᠭᠤᠯᠤᠬᠰᠠᠨ ᠮᠡᠷᠬᠡᠵᠢᠯ᠂ ᠲᠦᠷᠢᠮ ᠪᠤᠯᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠢᠳᠡᠪᠬᠢᠳᠠᠢ ᠪᠠᠶᠢᠭᠤᠯᠵᠤ᠂ ᠤᠶᠤᠨᠳᠦ ᠬᠤᠳᠠ ᠶᠢᠨ ᠡᠬᠢ ᠪᠠᠶᠠᠯᠢᠬ ᠢ ᠰᠢᠨᠵᠢᠯᠡᠬᠦ ᠤᠬᠠᠭᠠᠨᠴᠢ ᠪᠠᠷ ᠨᠡᠶᠢᠳᠬᠡᠵᠤ᠂ ᠨᠢᠬᠡᠳᠤᠯᠳᠠᠢ ᠲᠤᠭᠠᠴᠢᠯᠠᠬᠰᠠᠨ ᠲᠠᠪᠴᠠᠩ ᠢ ᠪᠠᠶᠢᠭᠤᠯᠵᠤ᠂ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢ ᠪᠦᠬᠦᠨ ᠢ ᠪᠦᠷᠬᠦᠬᠦᠯᠬᠦ   ᠶᠢ ᠠᠬᠢᠭᠤᠯᠬᠤ ᠭᠡᠷᠡᠭᠳᠠᠢ᠃ ᠵᠢᠵᠢᠭ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠤᠯᠤᠨ ᠬᠤᠳᠠ   ᠶᠢᠨ ᠬᠠᠮᠢᠶᠠᠷᠤᠯᠳᠠ ᠶᠢᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠬᠡᠷᠡᠴᠢᠯᠠᠯᠳᠠ ᠵᠡᠷᠬᠡ ᠠᠵᠢᠯ ᠢ ᠨᠢᠬᠡᠳᠤᠯᠳᠠᠢ ᠲᠦᠯᠦᠪᠵᠢᠬᠦᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠪᠠᠳᠤ ᠴᠢᠩᠭ᠎ᠠ ᠤᠯᠤᠰ ᠲᠦᠷᠤ ᠶᠢᠨ ᠬᠠᠷᠢᠭᠤᠴᠠᠯᠭᠠᠳᠤ ᠰᠡᠳᠬᠢᠯᠬᠡ ᠪᠤᠯᠤᠨ ᠤᠷᠬᠢᠯᠤᠮ᠎ᠠ ᠬᠠᠯᠠᠭᠤᠨ ᠠᠵᠢᠯ ᠤᠨ ᠤᠪᠤᠷ ᠢᠶᠠᠷ ᠡᠯ᠎ᠠ ᠵᠤᠶᠢᠯ ᠤᠨ ᠠᠵᠢᠯ ᠢᠶᠠᠨ ᠬᠦᠨᠵᠡᠬᠡᠢ ᠦᠷᠨᠢᠬᠦᠯᠵᠤ᠂ ᠰᠢᠯᠢᠳᠡᠭ ᠬᠢᠷᠢ ᠪᠦᠳᠤᠮᠵᠢ ᠪᠠᠷ ᠢᠶᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ   ᠶᠢ ᠤᠬᠳᠤᠬᠤ ᠭᠡᠷᠡᠭᠳᠠᠢ ᠬᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号