ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2017 ᠤᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/26
     9 ᠳ᠋ᠦ᠋ᠭᠡᠷ ᠰᠠᠷ᠎ᠠ ᠶᠢᠨ 25 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ ᠵᠢᠯ ᠤᠨ ᠡᠬᠢᠨ ᠠᠴᠠ ᠨᠠᠰᠢ᠂ ᠪᠦᠬᠦ ᠤᠷᠤᠨ ᠢᠶᠠᠷ ᠢᠶᠠᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠪᠠᠳᠤ ᠪᠠᠬᠢ ᠪᠤᠢ ᠪᠤᠯᠭᠠᠨ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠭᠦᠯᠭᠦ ᠪᠠᠷ ᠭᠤᠤᠯ ᠪᠤᠯᠭᠠᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ᠂ ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠶᠢᠨ ᠡᠷᠬᠢᠯᠳᠡ ᠶᠡᠷᠦᠩᠬᠡᠢ ᠳᠡᠭᠡᠨ ᠲᠤᠬᠳᠠᠭᠤᠨ ᠪᠣᠯᠵᠣ᠂ ᠭᠤᠤᠯ ᠪᠤᠯᠬᠤ ᠤᠷᠢᠳᠠᠪᠡᠷ ᠬᠡᠷᠡᠭᠵᠢᠭᠦᠯᠭᠦ ᠬᠦᠢᠴᠡᠳᠭᠡᠭᠦ ᠲᠤᠭ᠎ᠠ ᠦᠷᠭᠦᠯᠵᠢᠯᠡᠨ ᠰᠠᠶᠢᠵᠢᠷᠠᠵᠤ᠂ ᠠᠵᠤ ᠠᠬᠤᠢ ᠶᠢᠨ ᠪᠦᠳᠦᠴᠡ ᠢᠳᠡᠪᠬᠢᠳᠡᠢ ᠬᠤᠪᠢᠷᠠᠯᠳᠠ ᠭᠠᠷᠪᠠ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠣ᠂ ᠠᠵᠤ ᠠᠬᠤᠢ ᠶᠢᠨ ᠡᠷᠬᠢᠯᠳᠡ ᠲᠤᠮᠳᠠᠬᠢ ᠠᠰᠠᠭᠤᠳᠠᠯ ᠢ ᠬᠢᠨᠠᠮᠠᠭᠠᠢ ᠰᠤᠳᠤᠯᠵᠤ᠂ ᠴᠢᠭᠯᠡᠭᠦᠯᠦᠯᠳᠦ ᠴᠢᠨᠠᠷᠲᠠᠢ ᠠᠷᠭ᠎ᠠ ᠬᠡᠮᠵᠢᠶ᠎ᠠ ᠲᠤᠷᠠᠳᠬᠤ ᠬᠡᠷᠡᠭᠳᠡᠢ᠃ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠴᠢᠨᠠᠷ ᠢ ᠲᠡᠭᠡᠭᠰᠢᠯᠡᠭᠦᠯᠦᠨ᠂ ᠠᠵᠤ ᠠᠬᠤᠢ ᠶᠢᠨ ᠪᠠᠶᠢᠳᠠᠯ ᠢ ᠦᠨᠡᠨ ᠪᠤᠳᠠᠳᠠᠢ ᠪᠤᠰᠤᠳᠴᠢ ᠪᠠᠷ ᠲᠤᠰᠬᠠᠬᠤ ᠬᠡᠷᠡᠭᠳᠡᠢ᠃ ᠡᠨᠡ ᠵᠢᠯ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠲᠤᠰᠢᠶᠠᠯ ᠡᠭᠦᠷᠭᠡᠯᠡᠬᠦ ᠬᠠᠮᠤᠭ ᠤᠨ ᠰᠡᠭᠦᠯᠴᠢ ᠶᠢᠨ ᠨᠢᠭᠡ ᠵᠢᠯ ᠪᠤᠯᠤᠨ᠎ᠠ᠂ ᠠᠵᠢᠯ ᠤᠨ ᠨᠡᠶᠢᠳᠡᠪᠦᠷᠢᠵᠢᠭᠤᠯᠤᠯᠳᠠ ᠶᠢ ᠴᠢᠩᠭᠠᠷᠠᠭᠤᠯᠤᠨ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠪᠡᠶᠡᠯᠡᠭᠦᠯᠪᠡᠰᠤ ᠵᠣᠬᠢᠬᠤ ᠠᠵᠢᠯ ᠢᠶᠠᠨ ᠲᠠᠷᠠᠭ᠎ᠠ ᠬᠤᠭᠤᠴᠠᠭᠠᠨ ᠤ ᠵᠠᠰᠠᠭ ᠤᠨ ᠤᠷᠳᠤᠨ ᠳᠤ ᠦᠯᠡᠳᠡᠭᠡᠨ ᠦᠭᠴᠦ ᠪᠤᠯᠬᠤ ᠦᠭᠡᠢ᠂ ᠲᠠᠷᠠᠭ᠎ᠠ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠦᠷᠨᠢᠭᠦᠯᠭᠦ ᠳᠤ ᠪᠠᠳᠤ ᠪᠠᠬᠢ ᠰᠠᠭᠤᠷᠢ ᠲᠠᠯᠪᠢᠨ ᠦᠭᠬᠦ ᠬᠡᠷᠡᠭᠳᠡᠢ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠭᠦᠯᠭᠦ ᠲᠡᠭᠡᠷ᠎ᠠ ᠬᠦᠴᠦ ᠤᠷᠤᠭᠤᠯᠤᠨ᠂ ᠤᠯᠤᠰ  ᠤᠨ ︽ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠤ᠂ ᠡᠳ᠋ ᠤᠨ ᠵᠠᠰᠠᠭ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠭᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ︽ᠬᠦᠰᠢᠭᠦᠷᠭᠡ ᠶᠢ ᠪᠠᠭᠠᠰᠬᠠᠬᠤ︾ ᠠᠰᠠᠭᠤᠳᠠᠯ ᠢ ᠲᠡᠭᠡᠳᠦ ᠬᠡᠮᠵᠢᠶ᠎ᠠ ᠪᠠᠷ ᠬᠦᠨᠳᠦᠳᠭᠡᠬᠦ ᠬᠡᠷᠡᠭᠳᠡᠢ᠃ ᠲᠦᠪ ᠤᠨ ᠲᠤᠭᠤᠷᠢᠨ ᠪᠠᠶᠢᠴᠠᠭᠠᠭᠰᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠭᠰᠠᠨ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠠ ᠵᠦᠢᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠬᠤ ᠬᠡᠷᠡᠭᠳᠡᠢ᠃ ᠠᠶᠤᠯ ᠦᠭᠡᠢ ᠦᠢᠯᠡᠳᠪᠦᠷᠢᠯᠡᠯ ᠤᠨ ᠠᠵᠢᠯ  ᠢ ᠴᠢᠨᠠᠬᠰᠢᠳᠠ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠤᠨᠴᠠ ᠶᠡᠭᠡ ᠠᠳᠡᠯ ᠡᠭᠦᠰᠭᠦ ᠶᠢ ᠡᠷᠡᠰ ᠬᠤᠷᠢᠬᠯᠠᠬᠤ ᠬᠡᠷᠡᠭᠳᠡᠢ᠃ ︽ᠲᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠲᠤᠰᠬᠠᠢ ᠰᠢᠮᠳᠠᠭᠤᠯᠤᠨ ᠪᠠᠶᠢᠴᠠᠭᠠᠵᠤ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠤᠨ ᠬᠢᠨ ᠦᠪᠡᠷ ᠢᠶᠠᠨ ᠪᠠᠶᠢᠴᠠᠭᠠᠵᠤ᠂ ᠡᠯ᠎ᠠ ᠵᠦᠢᠯ  ᠤᠨ ᠡᠭᠦᠷᠭᠡ ᠶᠢ ᠰᠠᠶᠢᠳᠤᠷ ᠨᠡᠶᠢᠳᠡᠪᠦᠷᠢᠵᠢᠭᠤᠯᠬᠤ ᠶᠢ ᠦᠨᠡᠨᠬᠦ ᠪᠠᠳᠤᠯᠠᠬᠤ ᠶᠢᠨ ᠬᠠᠮᠳᠣ ᠪᠤᠳᠠᠳᠤ ᠦᠷ᠎ᠠ ᠪᠦᠳᠦᠮᠵᠢ ᠭᠠᠷᠭᠠᠬᠤ ᠬᠡᠷᠡᠭᠳᠡᠢ᠃ ᠰᠠᠨᠠᠭᠠᠴᠢᠯᠠᠭ᠎ᠠ ᠠᠴᠠ ᠪᠠᠨ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠳᠤ ᠬᠦᠷᠴᠦ ᠪᠠᠶᠢᠴᠠᠭᠠᠨ ᠰᠤᠳᠤᠯᠵᠤ ᠪᠠᠶᠢᠳᠠᠯ ᠢ ᠤᠢᠢᠯᠠᠭᠠᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠬᠦᠯᠢᠶᠡᠰᠦᠯᠡᠨ ᠬᠢᠵᠠᠭᠠᠷᠯᠠᠵᠣ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠤ᠂ ᠭᠤᠤᠯ ᠬᠠᠷᠢᠭᠤᠴᠠᠯᠭᠠᠳᠠᠨ ᠨᠦᠬᠦᠳ ᠪᠡᠶ᠎ᠡ ᠪᠠᠷ ᠢᠶᠠᠨ ᠠᠳᠬᠤᠵᠤ᠂ ᠦᠭᠡᠷᠡᠴᠢᠯᠡᠯᠳᠡ ᠶᠢᠨ ᠴᠢᠨᠠᠷ ᠢ ᠦᠨᠡᠨᠬᠦ ᠪᠠᠳᠤᠯᠠᠨ᠂ ᠲᠤᠬᠳᠠᠬᠰᠠᠨ ᠴᠠᠭ ᠲᠤ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠢᠶᠠᠨ ᠰᠠᠶᠢᠳᠤᠷ ᠳ᠋ᠦᠩᠨᠡᠵᠤ᠂ ᠬᠤᠶᠢᠰᠢᠳᠡ ᠶᠢᠨ ᠡᠭᠦᠷᠭᠡ ᠶᠢ ᠰᠠᠶᠢᠳᠤᠷ ᠲᠦᠯᠦᠪᠵᠢᠭᠦᠯᠬᠦ ᠬᠡᠷᠡᠭᠳᠡᠢ᠃ ᠠᠮᠵᠢᠯᠳᠡ ᠪᠣᠯᠣᠨ ᠲᠤᠷᠰᠢᠯᠭ᠎ᠠ ᠪᠠᠨ ᠳ᠋ᠦᠩᠨᠡᠨ᠂ ᠠᠰᠠᠭᠤᠳᠠᠯ ᠢᠶᠠᠨ ᠵᠠᠳᠠᠯᠣᠨ᠂ ᠠᠵᠢᠯ ᠢᠶᠠᠨ ᠲᠦᠯᠦᠪᠵᠢᠭᠦᠯᠬᠦ ᠳᠤ ᠪᠦᠷ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ᠂ ᠰᠢᠨ᠎ᠠ ᠬᠦᠭᠵᠢᠯᠳᠡ ᠶᠢᠨ ᠣᠨᠣᠯᠵᠢᠬᠤᠨ᠂ ᠶᠡᠷᠦᠩᠬᠡᠢ ᠱᠦᠵᠢ ᠰᠢ ᠶᠢᠨ ᠫᠢᠩ ᠤᠨ ᠲᠤᠷᠠᠳᠤᠬᠰᠠᠨ ︽ᠲᠠᠪᠤ ᠶᠢ ᠤᠶᠠᠯᠳᠤᠭᠤᠯᠬᠤ︾ ᠵᠡᠷᠭᠡ ᠱᠠᠭᠠᠷᠳᠠᠯᠭ᠎ᠠ ᠲᠠᠢ ᠬᠠᠷᠢᠴᠠᠭᠤᠯᠵᠤ᠂ ︽ᠲᠦᠷᠪᠡᠨ ᠤᠬᠠᠮᠰᠠᠷ︾ ᠢ ᠦᠢᠯᠡᠳᠦᠯᠭᠡᠵᠢᠭᠦᠯᠭᠦ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠦᠢᠯᠡᠳᠦᠯᠭᠡᠵᠢᠭᠦᠯᠭᠦ ᠢᠯᠡ ᠲᠤᠳᠤ ᠤᠳᠤᠷᠢᠳᠤᠮᠵᠢ ᠶᠢ ᠪᠤᠢ ᠪᠤᠯᠭᠠᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠠᠵᠢᠯ ᠢ ᠪᠡᠶ᠎ᠡ ᠪᠠᠷ ᠢᠶᠠᠨ ᠠᠳᠬᠤᠬᠤ ᠬᠡᠷᠡᠭᠳᠡᠢ᠃ ᠡᠯ᠎ᠠ ᠱᠠᠳᠤᠨ ᠤ ᠬᠢᠨ ᠡᠷᠬᠡᠪᠰᠢ ᠬᠠᠷᠢᠭᠤᠴᠠᠯᠭ᠎ᠠ ᠪᠠᠨ ᠡᠭᠦᠷᠭᠡᠯᠡᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠦᠨᠡᠨ ᠪᠤᠳᠠᠳᠠᠢ ᠪᠠᠶᠢᠳᠠᠯ ᠢ ᠡᠵᠡᠮᠰᠢᠭᠦ ᠬᠡᠷᠡᠭᠳᠡᠢ᠃ ᠠᠵᠢᠯ ᠤᠨ ᠰᠤᠷᠳᠠᠯ ᠢᠶᠠᠨ ᠰᠠᠶᠢᠵᠢᠷᠠᠭᠤᠯᠤᠨ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠢᠭᠦ ᠬᠡᠷᠡᠭᠳᠡᠢ᠃ ᠰᠠᠬᠢᠯᠭ᠎ᠠ ᠪᠠᠳᠤ ᠶᠢ ᠴᠢᠩᠳᠠᠯᠠᠵᠣ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠲᠤᠮᠳᠠᠬᠢ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠬᠰᠠᠨ ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠭᠦ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠬᠤ ᠠᠵᠢᠯ  ᠤᠨ ᠭᠤᠤᠯᠳᠠᠯᠭ᠎ᠠ ᠪᠤᠯᠭᠠᠵᠤ᠂ ᠠᠵᠢᠯ ᠤᠨ ᠨᠡᠶᠢᠳᠡᠪᠦᠷᠢᠵᠢᠭᠤᠯᠤᠯᠳᠠ ᠶᠢ ᠪᠦᠳᠦᠮᠵᠢᠳᠡᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号