2017 ᠤᠨ ᠤ ᠢᠳᠡᠭᠡᠨ ᠤ ᠠᠮᠤᠷ ᠲᠥᠪᠰᠢᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠲᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017-09-26
                            ᠥᠪᠦᠷ ᠵᠠᠰᠠᠭ ᠠᠯᠪᠠᠨ ᠲᠠᠷᠬᠠᠭᠠᠭᠰᠠᠨ ﹇2017﹈ 25 ᠳ᠋ᠤᠭᠠᠷ ᠲᠤᠭᠠᠳᠤ                                     2017 ᠤᠨ ᠤ 3 ᠳ᠋ᠤᠭᠠᠷ ᠰᠠᠷ᠎ᠠ ᠶᠢᠨ 1 ᠤ ᠡᠳᠥᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠡ ᠳᠤ᠄      ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ 2017 ᠤᠨ ᠤ ᠢᠳᠡᠭᠡᠨ ᠤ ᠠᠮᠤᠷ ᠲᠥᠪᠰᠢᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠲᠠ︾ ᠶᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃      ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ 2017 ᠤᠨ ᠤ ᠢᠳᠡᠭᠡᠨ ᠤ ᠠᠮᠤᠷ ᠲᠥᠪᠰᠢᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠲᠠ      2017 ᠤᠨ ᠤ ᠪᠥᠬᠦ ᠤᠷᠤᠨ ᠤ ᠢᠳᠡᠭᠡᠨ ᠤ ᠠᠮᠤᠷ ᠲᠥᠪᠰᠢᠨ ᠤ ᠠᠵᠢᠯ ᠨᠢ ᠢᠳᠡᠭᠡᠨ ᠤ ᠠᠮᠤᠷ ᠲᠥᠪᠰᠢᠨ ᠤ ᠠᠵᠢᠯ ᠢ ᠴᠢᠩᠭᠠᠳᠬᠠᠬᠤ ᠲᠤᠬᠠᠢ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠵᠥᠢᠯ ᠤᠨ ᠰᠢᠢᠳᠪᠥᠷᠢᠲᠥ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠡ ᠪᠠᠷ ᠲᠤᠤᠱᠯᠠᠭᠤᠯᠤᠨ᠂ ᠢᠳᠡᠭᠡᠨ ᠤ ᠠᠮᠤᠷ ᠲᠥᠪᠰᠢᠨ ᠤ ᠠᠵᠢᠯ ᠤᠨ ᠲᠠᠯ᠎ᠠ ᠪᠠᠷ ᠬᠢ ᠶᠡᠷᠥᠩᠬᠡᠢ ᠱᠥᠵᠢ ᠰᠢ ᠶᠢᠨ ᠫᠢᠩ ᠵᠡᠷᠭᠡ ᠨᠠᠮ ᠪᠠ ᠤᠯᠤᠰ ᠤᠨ ᠤᠳᠤᠷᠢᠳᠬᠤ ᠨᠥᠭᠦᠳ ᠤᠨ ᠠᠯᠢ ᠤᠯᠠᠨ ᠴᠢᠬᠤᠯᠠ ᠵᠢᠭᠠᠪᠤᠷᠢ ᠴᠤᠬᠤᠯᠠᠪᠥᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠥᠮᠡᠨ ᠢᠶᠠᠷ ᠭᠤᠣᠯ ᠪᠤᠯᠭᠠᠭᠰᠠᠨ ᠭᠥᠭᠵᠢᠯᠲᠡ ᠶᠢᠨ ᠥᠵᠡᠯ ᠰᠠᠨᠠᠭ᠎ᠠ ᠶᠢ ᠪᠠᠲᠥ ᠪᠠᠬᠢ ᠪᠤᠢ ᠪᠣᠯᠭᠠᠨ᠂ ᠲᠤᠭᠲᠠᠭᠤᠨ ᠢᠶᠠᠷ ᠤᠷᠤᠭᠰᠢ ᠳᠠᠪᠰᠢᠭᠤᠯᠬᠤ ᠠᠵᠢᠯ ᠤᠨ ᠶᠡᠷᠥᠩᠬᠡᠢ ᠥᠨᠳᠥᠰᠥᠨ ᠰᠠᠨᠠᠭ᠎ᠠ ᠶᠢ ᠪᠠᠷᠢᠮᠲᠠᠯᠠᠵᠤ᠂ ︽ᠲᠥᠷᠪᠡᠨ ᠬᠠᠮᠤᠭ ᠠᠴᠠ ᠴᠢᠩᠭ᠎ᠠ︾ ᠪᠠ ︽ᠳᠥᠷᠪᠡ ᠪᠠᠶᠢᠬᠤ ᠪᠠ ᠬᠤᠶᠠᠷ ᠬᠠᠷᠢᠭᠤᠴᠠᠯᠭ᠎ᠠ︾ ᠶᠢ ᠪᠥᠲᠥᠮᠵᠢᠲᠡᠢ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠥᠪᠰᠢᠨ ᠤ ᠪᠠᠶᠢᠯᠳᠤᠬᠤ ᠪᠤᠳᠤᠯᠭ᠎ᠠ ᠶᠢ ᠬᠥᠴᠥᠯᠡᠨ ᠬᠡᠷᠡᠭᠵᠢᠭᠦᠯᠵᠥ᠂ ︽ᠬᠤᠶᠠᠷ ᠠᠮᠤᠷ ᠲᠥᠪᠰᠢᠨ ᠢ ᠬᠤᠶᠠᠭᠤᠯᠠ ᠶᠢ ᠨᠢ ᠴᠤᠭᠴᠠᠯᠠᠨ ᠪᠠᠶᠢᠭᠤᠯᠬᠤ︾ ︵ᠤᠯᠤᠰ ᠤᠨ ︽ᠢᠳᠡᠭᠡᠨ ᠤ ᠠᠮᠤᠷ ᠲᠥᠪᠰᠢᠨ ᠤ ᠵᠢᠱᠢᠶ᠎ᠡ ᠥᠵᠡᠭᠦᠯᠬᠦ ᠬᠤᠲᠠ︾᠂ ︽ᠲᠠᠷᠢᠶᠠᠯᠠᠩ ᠤᠨ ᠪᠥᠲᠥᠭᠡᠭᠳᠡᠭᠦᠨ ᠤ ᠶᠠᠰᠦ ᠴᠢᠨᠠᠷ ᠤᠨ ᠠᠮᠤᠷ ᠲᠥᠪᠰᠢᠨ ᠤ ᠰᠢᠶᠠᠨ︾ ᠢ ᠴᠤᠭᠴᠠᠯᠠᠨ ᠪᠠᠶᠢᠭᠤᠯᠬᠤ︶ ᠠᠵᠢᠯᠯᠠᠭ᠎ᠠ ᠶᠢ ᠭᠥᠨᠵᠡᠭᠡᠢ ᠥᠷᠨᠢᠭᠦᠯᠥᠨ᠂ ᠢᠳᠡᠭᠡᠨ ᠪᠠ ᠡᠮ ᠤᠨ ᠵᠥᠢᠯ ᠢᠶᠠᠷ ᠠᠮᠤᠷ ᠲᠥᠪᠰᠢᠨ ᠥᠪᠥᠷ ᠮᠤᠩᠭᠤᠯ ᠤᠨ ᠱᠠᠲᠤ ᠥᠶ᠎ᠡ ᠶᠢᠨ ᠴᠢᠨᠠᠷᠲᠠᠢ ᠪᠠᠶᠢᠭᠤᠯᠤᠯᠲᠠ ᠶᠢᠨ ᠡᠭᠦᠷᠭᠡ ᠶᠢ ᠪᠥᠬᠦ ᠬᠥᠴᠥᠨ ᠢᠶᠠᠷ ᠢᠶᠠᠨ ᠪᠡᠶᠡᠯᠡᠭᠦᠯᠵᠤ᠂ ᠪᠥᠬᠦ ᠤᠷᠤᠨ ᠤ ᠢᠳᠡᠭᠡᠨ ᠤ ᠠᠮᠤᠷ ᠲᠥᠪᠰᠢᠨ ᠤ ᠵᠠᠰᠠᠬᠤ ᠴᠢᠳᠠᠪᠤᠷᠢ ᠪᠤᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠲᠥᠮᠵᠢᠲᠡᠢ ᠳᠡᠭᠡᠭᠰᠢᠯᠡᠭᠦᠯᠥᠨ᠂ ᠠᠷᠠᠳ ᠤᠯᠠᠨ ᠤ ᠬᠠᠨᠤᠮᠵᠢᠲᠡᠢ ᠪᠠᠶᠢᠬᠤ ᠬᠡᠮᠵᠢᠶ᠎ᠡ ᠪᠤᠯᠤᠨ ᠭᠥᠷᠲᠡᠭᠡᠮᠵᠢᠲᠡᠢ ᠪᠠᠶᠢᠬᠤ ᠰᠡᠳᠭᠢᠯᠭᠡ ᠶᠢ ᠲᠠᠰᠤᠷᠠᠯᠲᠠ ᠥᠭᠡᠢ ᠳᠡᠭᠡᠭᠰᠢᠯᠡᠭᠦᠯᠵᠥ᠂ ᠠᠵᠢᠯ ᠤᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠡ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠨ᠎ᠠ᠃      ᠨᠢᠭᠡ᠂ ᠢᠳᠡᠭᠡᠨ ᠪᠠ ᠡᠮ ᠤᠨ ᠵᠦᠢᠯ ᠢᠶᠠᠷ ᠠᠮᠤᠷ ᠲᠥᠪᠰᠢᠨ ᠥᠪᠥᠷ ᠮᠤᠩᠭᠤᠯ ᠢ ᠪᠠᠶᠢᠭᠤᠯᠬᠤ ᠱᠠᠲᠤ ᠥᠶ᠎ᠡ ᠶᠢᠨ ᠴᠢᠨᠠᠷᠲᠠᠢ ᠡᠭᠦᠷᠭᠡ ᠶᠢ ᠪᠥᠬᠦ ᠬᠥᠴᠥᠨ ᠢᠶᠠᠷ ᠢᠶᠠᠨ ᠪᠡᠶᠡᠯᠡᠭᠦᠯᠥᠨ᠎ᠡ      ︽ᠡᠷᠡᠭᠦᠯ ᠴᠡᠪᠡᠷ ᠮᠢᠬ᠎ᠠ ᠨᠤᠭᠤᠭᠠᠨ ᠤ ᠬᠡᠳᠥ ᠳᠡᠯᠭᠡᠭᠦᠷ︾᠂ ᠲᠠᠷᠢᠶᠠᠯᠠᠬᠤ ᠮᠠᠯᠵᠢᠬᠤ ᠤᠷᠤᠨ ᠤ ᠢᠳᠡᠭᠡᠨ ᠤ ᠠᠮᠤᠷ ᠲᠥᠪᠰᠢᠨ ᠤ ᠵᠢᠱᠢᠶ᠎ᠡ ᠥᠵᠡᠭᠦᠯᠬᠦ ᠳᠡᠯᠭᠡᠭᠦᠷ᠂ ᠨᠡᠷᠡᠳᠦ ᠲᠤᠭᠤᠭᠠᠴᠢ ᠶᠢᠨ ᠵᠢᠱᠢᠶ᠎ᠡ ᠥᠵᠡᠭᠦᠯᠬᠦ ᠳᠡᠯᠬᠡᠭᠦᠷ ᠵᠡᠷᠭᠡ ᠶᠢ ᠴᠤᠭᠴᠠᠯᠠᠨ ᠪᠠᠶᠢᠭᠤᠯᠬᠤ ᠪᠠᠷ ᠬᠥᠲᠥᠯᠥᠨ ᠵᠢᠯᠤᠭᠤᠳᠤᠭᠤᠯᠵᠤ᠂ ︽ᠬᠤᠶᠠᠷ ᠠᠮᠤᠷ ᠲᠥᠪᠰᠢᠨ ᠢ ᠬᠤᠶᠠᠭᠤᠯᠠ ᠶᠢ ᠨᠢ ᠴᠤᠭᠴᠠᠯᠠᠨ ᠪᠠᠶᠢᠭᠤᠯᠬᠤ︾ ᠠᠵᠢᠯ ᠤᠨ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ ᠴᠤᠭᠴᠠᠯᠠᠨ ᠪᠠᠶᠢᠭᠤᠯᠬᠤ ᠠᠵᠢᠯ ᠤᠨ ᠵᠤᠬᠢᠶᠠᠨ ᠪᠠᠶᠢᠭᠤᠯᠵᠤ ᠬᠡᠷᠡᠭᠵᠢᠭᠦᠯᠥᠭᠳᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ︽ᠢᠳᠡᠭᠡᠨ ᠪᠠ ᠡᠮ ᠤᠨ ᠵᠥᠢᠯ ᠢᠶᠠᠷ ᠠᠮᠤᠷ ᠲᠥᠪᠰᠢᠨ ᠥᠪᠥᠷ ᠮᠤᠩᠭᠤᠯ︾ ᠢ ᠪᠠᠶᠢᠭᠤᠯᠬᠤ ᠱᠠᠲᠤ ᠥᠶ᠎ᠡ ᠶᠢᠨ ᠴᠢᠨᠠᠷᠲᠠᠢ ᠬᠠᠷᠠᠯᠲᠠ ᠶᠢᠨ ᠡᠭᠦᠷᠭᠡ ᠶᠢ ᠪᠥᠬᠦ ᠬᠥᠴᠥᠨ ᠢᠶᠠᠷ ᠢᠶᠠᠨ ᠪᠡᠶᠡᠯᠡᠭᠦᠯᠥᠨ᠂ ᠴᠤᠭᠴᠠᠯᠠᠨ ᠪᠠᠶᠢᠭᠤᠯᠬᠤ ᠶᠠᠪᠤᠳᠠᠯ ᠢᠶᠠᠷ ᠵᠢᠷᠤᠮᠵᠢᠭᠤᠯᠬᠤ ᠶᠢ ᠠᠬᠢᠭᠤᠯᠵᠤ᠂ ᠵᠢᠷᠤᠮᠵᠢᠭᠤᠯᠬᠤ ᠶᠠᠪᠤᠳᠠᠯ ᠢᠶᠠᠷ ᠠᠮᠤᠷ ᠲᠥᠪᠰᠢᠨ ᠪᠠᠶᠢᠯᠭᠠᠬᠤ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠡ ᠡᠮ ᠤᠨ ᠵᠦᠢᠯ ᠤᠨ ᠠᠮᠤᠷ ᠲᠥᠪᠰᠢᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠡ ᠡᠮ ᠤᠨ ᠵᠦᠢᠯ ᠤᠨ ᠬᠢᠨᠠᠯᠲᠠ ᠬᠠᠮᠢᠶᠠᠷᠥᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠲᠤᠷᠠᠨ ᠬᠠᠷᠢᠭᠤᠴᠠᠨ᠎ᠠ︶      ᠬᠤᠶᠠᠷ᠂ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ      ᠤᠷᠤᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠤᠭᠤᠳ ᠢᠳᠡᠭᠡᠨ ᠤ ᠠᠮᠤᠷ ᠲᠥᠪᠰᠢᠨ ᠢ ᠴᠢᠩᠭᠠᠳᠬᠠᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠭᠦ ᠶᠢ ᠨᠢ ᠳᠡᠮᠵᠢᠵᠦ᠂ ᠭᠤᠤᠯ ᠬᠠᠷᠢᠭᠤᠴᠠᠵᠦ ᠪᠠᠶᠢᠭ᠎ᠠ ᠨᠦᠬᠦᠳ ᠪᠡᠶ᠎ᠡ ᠪᠠᠷ ᠢᠶᠠᠨ ᠠᠳᠬᠤᠨ᠂ ᠢᠳᠡᠭᠡᠨ ᠤ ᠠᠮᠤᠷ ᠲᠥᠪᠰᠢᠨ ᠤ ᠬᠢᠨᠠᠨ ᠬᠠᠮᠢᠶᠠᠷᠬᠤ ᠠᠵᠢᠯ ᠳᠤ ᠬᠠᠨᠷᠢᠭᠤᠴᠠᠯᠭ᠎ᠠ ᠲᠠᠢ ᠪᠠᠶᠢᠬᠤ᠂ ᠠᠵᠢᠯ ᠤᠨ ᠪᠠᠶᠢᠷᠢ ᠲᠠᠢ ᠪᠠᠶᠢᠬᠤ᠂ ᠠᠵᠢᠯᠲᠠᠨ ᠲᠠᠢ ᠪᠠᠶᠢᠬᠤ᠂ ᠠᠷᠭ᠎ᠠ ᠪᠠᠷᠢᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ ᠵᠠᠷᠤᠳᠠᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠪᠠᠶᠢᠭᠤᠯᠵᠤ᠂ ᠡᠯ᠎ᠡ ᠱᠠᠲᠤᠨ ᠤ ᠢᠳᠡᠭᠡᠨ ᠤ ᠠᠮᠤᠷ ᠲᠥᠪᠰᠢᠨ ᠤ ᠬᠢᠨᠠᠨ ᠬᠠᠮᠢᠶᠠᠷᠬᠤ ᠳᠤ ᠬᠡᠷᠡᠭᠰᠡᠬᠦ ᠵᠠᠷᠤᠳᠠᠯ᠂ ᠢᠯᠠᠩᠭᠤᠶ᠎ᠠ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠬᠦ ᠵᠠᠷᠤᠳᠠᠯ ᠢ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠡ ᠶᠢᠨ ᠵᠥᠪᠯᠡᠯ ᠬᠠᠮᠵᠢᠯᠴᠠᠨ᠎ᠠ︶ ᠡᠯ᠎ᠡ ᠱᠠᠲᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠥᠢᠯᠡᠳᠥᠯ ᠢ ᠪᠠᠳᠠᠷᠠᠭᠤᠯᠤᠨ ᠂ ᠡᠯ᠎ᠡ ᠱᠠᠲᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠠᠵᠢᠯᠲᠠᠨ ᠤ ᠭᠥᠴᠥᠨ ᠢ ᠴᠢᠩᠭᠠᠳᠬᠠᠵᠤ᠂ ᠢᠳᠡᠭᠡᠨ ᠤ ᠠᠮᠤᠷ ᠲᠥᠪᠰᠢᠨ ᠤ ᠠᠵᠢᠯ ᠳᠠᠬᠢ ᠨᠢᠭᠡᠳᠥᠯᠲᠡᠢ ᠲᠥᠯᠥᠪᠵᠢᠭᠦᠯᠥᠨ ᠵᠣᠬᠢᠴᠠᠭᠤᠯᠬᠤ ᠪᠡ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠭᠦᠷᠭᠡ ᠴᠢᠳᠠᠪᠤᠷᠢ ᠶᠢ ᠴᠢᠩᠭᠠᠷᠠᠭᠤᠯᠤᠨ᠎ᠠ᠃ ᠢᠳᠡᠭᠡᠨ ᠤ ᠠᠮᠤᠷ ᠲᠥᠪᠰᠢᠨ ᠤ ᠮᠡᠳᠡᠭᠡ ᠵᠠᠩᠬᠢ ᠨᠡᠪᠲᠡᠷᠡᠭᠦᠯᠬᠦ᠂ ᠤᠬᠠᠭᠤᠯᠭ᠎ᠠ ᠬᠦᠮᠥᠵᠢᠯ ᠬᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠶᠠᠯ᠎ᠠ ᠬᠢᠭᠰᠡᠳ ᠲᠤ ᠴᠤᠬᠢᠯᠲᠠ ᠥᠭᠬᠦ ᠵᠡᠷᠭᠡ ᠲᠠᠯ᠎ᠠ ᠶᠢᠨ ᠵᠣᠬᠢᠴᠠᠭᠤᠯᠵᠤ ᠬᠠᠮᠲᠤᠷᠠᠨ ᠬᠥᠳᠡᠯᠥᠯᠴᠡᠬᠦ ᠶᠢ ᠴᠢᠩᠭᠠᠳᠬᠠᠨ᠂ ᠮᠡᠳᠡᠭᠡ ᠵᠠᠩᠬᠢ ᠨᠡᠪᠲᠡᠷᠡᠭᠦᠯᠬᠦ᠂ ᠪᠠᠶᠢᠳᠠᠯ ᠢ ᠬᠠᠮᠲᠤᠷᠠᠨ ᠵᠦᠪᠳᠡᠯᠴᠡᠬᠦ᠂ ᠲᠥᠭᠰᠢᠭᠦᠷᠢ ᠶᠢᠨ ᠪᠠᠶᠢᠳᠠᠯ ᠢᠶᠠᠨ ᠰᠤᠯᠢᠯᠴᠠᠬᠤ᠂ ᠪᠠᠴᠢᠮ ᠪᠠᠶᠢᠳᠠᠯ ᠢ ᠠᠷᠭᠠᠴᠠᠬᠤ᠂ ᠵᠤᠬᠢᠴᠠᠭᠤᠯᠵᠤ ᠬᠠᠮᠲᠤᠷᠠᠨ ᠬᠥᠳᠡᠯᠥᠯᠴᠡᠬᠦ ᠵᠡᠷᠭᠡ ᠠᠵᠢᠯ ᠤᠨ ᠲᠤᠭᠲᠠᠴᠠ ᠶᠢ ᠪᠥᠷᠢᠨᠰᠢᠭᠦᠯᠥᠨ᠎ᠡ᠃ ᠢᠳᠡᠭᠡᠨ ᠤ ᠠᠮᠤᠷ ᠲᠥᠪᠰᠢᠨ ᠢ ᠰᠢᠯᠭᠠᠨ ᠬᠢᠨᠠᠵᠤ ᠦᠨᠡᠯᠡᠬᠦ ᠠᠷᠭ᠎ᠠ᠂ ᠱᠠᠩᠨᠠᠬᠤ ᠲᠤᠭᠲᠠᠴᠠ ᠪᠠ ᠬᠠᠷᠢᠭᠤᠴᠠᠯᠭ᠎ᠠ ᠬᠡᠯᠡᠯᠴᠡᠬᠦ ᠳᠥᠷᠢᠮ ᠢ ᠲᠠᠰᠤᠷᠠᠯᠲᠠ ᠥᠭᠡᠢ ᠲᠡᠭᠦᠯᠳᠡᠷᠵᠢᠭᠦᠯᠥᠨ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠭᠰᠠᠨ ᠥᠷ᠎ᠡ ᠳ᠋ᠥᠩ ᠢ ᠬᠡᠷᠡᠭᠯᠡᠬᠦ ᠪᠠᠨ ᠴᠢᠩᠭᠠᠷᠠᠭᠤᠯᠵᠤ᠂ ᠢᠳᠡᠭᠡᠨ ᠤ ᠠᠮᠤᠷ ᠲᠥᠪᠰᠢᠨ ᠤ ᠠᠵᠢᠯ ᠤᠨ ᠥᠷ᠎ᠡ ᠪᠥᠲᠥᠮᠵᠢ ᠶᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠬᠢᠬᠡᠳ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠥᠲᠥᠮᠵᠢ ᠶᠢ ᠬᠡᠮᠵᠢᠬᠦ ᠴᠢᠬᠤᠯᠠ ᠭᠥᠢᠴᠡᠳᠭᠡᠯ ᠲᠤᠭ᠎ᠠ ᠪᠤᠯᠭᠠᠨ᠂ ᠢᠳᠡᠭᠡᠨ ᠤ ᠠᠮᠤᠷ ᠲᠥᠪᠰᠢᠨ ᠤ ᠠᠵᠢᠯ ᠤᠨ ᠠᠮᠵᠢᠯᠲᠠ ᠪᠥᠲᠥᠮᠵᠢ ᠶᠢ ᠡᠭᠦᠷᠭᠡ ᠲᠤᠰᠢᠶᠠᠯ ᠢᠶᠠᠨ ᠭᠥᠢᠴᠡᠳᠬᠡᠭᠰᠡᠨ ᠢ ᠨᠢ ᠥᠨᠡᠯᠡᠨ ᠲᠤᠭᠲᠠᠭᠠᠬᠤ᠂ ᠲᠤᠰᠢᠶᠠᠯ ᠳᠤ ᠲᠡᠪᠰᠢᠭᠦᠯᠬᠦ᠂ ᠱᠠᠩᠨᠠᠵᠤ ᠵᠠᠯᠬᠠᠭᠠᠨ ᠰᠢᠳᠭᠡᠬᠦ ᠯᠦᠭᠡ ᠬᠤᠯᠪᠤᠭᠳᠠᠭᠤᠯᠬᠤ ᠳᠥᠷᠢᠮ ᠪᠠᠶᠢᠭᠤᠯᠬᠤ ᠶᠢ ᠲᠥᠯᠬᠢᠨ ᠠᠬᠢᠭᠤᠯᠵᠤ᠂ ᠤᠷᠤᠨ ᠨᠤᠲᠤᠭ ᠤᠨ ᠡᠯ᠎ᠡ ᠱᠠᠲᠤᠨ ᠤ ᠵᠠᠰᠠᠭ ᠤᠨ ᠤᠷᠳᠤᠨ ᠪᠣᠯᠣᠨ ᠬᠤᠯᠪᠤᠭᠳᠠᠯ ᠪᠥᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠬᠠᠷᠢᠶ᠎ᠠ ᠭᠠᠵᠠᠷ ᠢᠶᠠᠷ ᠢᠶᠠᠨ ᠬᠠᠮᠢᠶᠠᠷᠬᠤ ᠵᠢᠴᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠲᠥᠮᠵᠢᠲᠠᠢ ᠨᠠᠶᠢᠳᠠᠪᠥᠷᠢᠵᠢᠭᠤᠯᠤᠨ᠂ ᠢᠳᠡᠭᠡᠨ ᠤ ᠠᠮᠤᠷ ᠲᠥᠪᠰᠢᠨ ᠤ ᠲᠠᠯ᠎ᠠ ᠪᠠᠷ ᠬᠢ ᠬᠦᠨᠳᠦ ᠶᠡᠭᠡ ᠬᠡᠷᠡᠭ ᠲᠤ ᠬᠠᠷᠢᠭᠤᠴᠠᠯᠭ᠎ᠠ ᠪᠠᠨ ᠠᠯᠳᠠᠨ ᠲᠤᠰᠢᠶᠠᠯ ᠢᠶᠠᠨ ᠭᠤᠳᠤᠭᠠᠭᠰᠠᠨ ᠬᠠᠷᠢᠭᠤᠴᠠᠯᠭ᠎ᠠ ᠶᠢ ᠬᠠᠤᠯᠢ ᠰᠠᠬᠢᠯᠭ᠎ᠠ ᠶᠤᠰᠤᠭᠠᠷ ᠲᠥᠪ ᠴᠢᠩᠭ᠎ᠠ ᠪᠠᠷ ᠨᠡᠭᠡᠮᠵᠢᠯᠡᠨ᠎ᠡ᠃ ︵ᠥᠪᠥᠷ ᠮᠤᠩᠭᠤᠯ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠯᠭᠠᠨ ᠬᠢᠨᠠᠬᠤ ᠠᠯᠪᠠᠨ ᠭᠡᠷ᠂ ᠬᠢᠨᠠᠨ ᠪᠠᠶᠢᠴᠠᠭᠠᠬᠤ ᠲᠢᠩᠬᠢᠮ᠂ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠬᠠᠷᠢᠭᠤᠴᠠᠨ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠡᠯ᠎ᠡ ᠪᠦᠷᠢᠯᠳᠥᠭᠦᠨ ᠨᠢᠭᠡᠴᠡ    ᠬᠠᠮᠵᠢᠯᠴᠠᠨ᠎ᠠ︶      ᠭᠤᠷᠪᠠ᠂ ᠢᠳᠡᠭᠡᠨ ᠤ ᠠᠮᠤᠷ ᠲᠥᠪᠰᠢᠨ ᠤ ᠨᠢᠭᠡᠲᠥᠯᠲᠡᠢ ᠪᠦᠭᠡᠳ ᠡᠷᠭᠡ ᠰᠥᠷᠲᠥ ᠬᠢᠨᠠᠨ ᠬᠠᠮᠢᠶᠠᠷᠬᠤ ᠪᠠᠶᠢᠭᠤᠯᠤᠯ ᠢ ᠲᠥᠷᠭᠡᠳᠬᠡᠨ ᠲᠡᠭᠦᠯᠳᠡᠷᠵᠢᠭᠦᠯᠥᠨ᠎ᠡ      ᠢᠳᠡᠭᠡᠨ ᠪᠠ ᠡᠮ ᠤᠨ ᠵᠦᠢᠯ ᠤᠨ ᠨᠢᠭᠡᠳᠥᠯᠲᠥ ᠴᠢᠨᠠᠷᠲᠠᠢ᠂ ᠲᠤᠰᠬᠠᠢ ᠠᠵᠢᠯ ᠤᠨ ᠴᠢᠨᠠᠷᠲᠠᠢ᠂ ᠡᠷᠬᠡ ᠰᠥᠷᠲᠥ ᠴᠢᠨᠠᠷᠲᠠᠢ ᠬᠢᠨᠠᠨ ᠬᠠᠮᠢᠶᠠᠷᠬᠤ ᠪᠠᠶᠢᠭᠤᠯᠤᠯ ᠲᠤᠭᠲᠠᠴᠠ ᠶᠢ ᠪᠠᠶᠢᠭᠤᠯᠬᠤ ᠥᠭᠡᠷᠡᠴᠢᠯᠡᠯᠲᠠ ᠶᠢᠨ ᠬᠠᠷᠠᠯᠲᠠ ᠶᠢᠨ ᠱᠠᠭᠠᠷᠳᠠᠯᠭ᠎ᠠ ᠶᠤᠰᠤᠭᠠᠷ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠠᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠪᠠ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠥᠭᠡᠷᠡᠴᠢᠯᠡᠯᠲᠠ ᠶᠢᠨ ᠠᠵᠢᠯ ᠢ ᠥᠷᠭᠦᠯᠵᠢᠯᠡᠨ ᠲᠥᠯᠬᠢᠨ ᠠᠬᠢᠭᠤᠯᠵᠤ᠂ ᠥᠨᠳᠥᠰᠥᠨ ᠱᠠᠲᠤᠨ ᠤ ᠬᠢᠨᠠᠨ ᠬᠠᠮᠢᠶᠠᠷᠬᠤ ᠬᠥᠴᠥᠨ ᠢ ᠲᠡᠭᠦᠯᠳᠡᠷᠵᠢᠭᠦᠯᠥᠨ᠂ ᠢᠳᠡᠭᠡᠨ ᠪᠠ ᠡᠮ ᠤᠨ ᠵᠥᠢᠯ ᠬᠢᠭᠡᠳ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠢ ᠪᠠᠶᠢᠴᠠᠭᠠᠬᠤ ᠲᠤᠰᠬᠠᠶᠢᠵᠢᠭᠰᠠᠨ᠂ ᠮᠡᠷᠭᠡᠰᠢᠭᠰᠡᠨ ᠡᠩᠨᠡᠭᠡ ᠶᠢᠨ ᠪᠠᠶᠢᠭᠤᠯᠤᠯᠲᠠ ᠶᠢ ᠬᠥᠴᠥᠲᠡᠢ ᠲᠥᠯᠬᠢᠨ ᠠᠬᠢᠭᠤᠯᠵᠤ᠂ ᠬᠥᠷᠥᠯᠴᠡᠭᠦ᠋ᠢᠴᠡ ᠬᠥᠴᠥᠨ ᠢᠶᠠᠷ ᠡᠳᠥᠷ ᠲᠤᠳᠤᠮ ᠤᠨ ᠪᠠᠶᠢᠴᠠᠭᠠᠯᠲᠠ ᠪᠠ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠬᠠᠷᠢᠭᠤᠴᠠᠯᠭ᠎ᠠ ᠪᠠᠨ ᠭᠥᠢᠴᠡᠳᠬᠡᠬᠦ ᠶᠢ ᠦᠨᠡᠨᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠷᠤᠨ ᠲᠤᠭ᠎ᠠ ᠶᠢᠨ ᠠᠯᠪᠠᠨ ᠭᠡᠷ᠂ ᠬᠥᠮᠥᠨ ᠤ ᠬᠥᠴᠥᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠬᠠᠷᠢᠭᠤᠴᠠᠨ᠎ᠠ︶      ᠳᠥᠷᠪᠡ᠂ ᠢᠳᠡᠭᠡᠨ ᠤ ᠠᠮᠤᠷ ᠲᠥᠪᠰᠢᠨ ᠤ ᠰᠠᠭᠤᠷᠢ ᠪᠡ ᠴᠢᠳᠠᠪᠤᠷᠢ ᠶᠢᠨ ᠪᠠᠶᠢᠭᠤᠯᠤᠯᠲᠠ ᠶᠢ ᠥᠷᠭᠦᠯᠵᠢᠯᠡᠨ ᠴᠢᠩᠭᠠᠳᠬᠠᠨ᠎ᠠ      ︽︿13 · 5﹀ ᠶᠢᠨ ᠲᠥᠯᠥᠪᠵᠢᠭᠦᠯᠭᠡ ᠶᠢᠨ ᠤᠯᠤᠰ ᠤᠨ ᠢᠳᠡᠭᠡᠨ ᠤ ᠠᠮᠤᠷ ᠲᠥᠪᠰᠢᠨ ᠤ ᠲᠤᠰᠬᠠᠢ ᠲᠥᠯᠥᠪᠵᠢᠭᠦᠯᠭᠡ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ︿13 · 5﹀ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠭᠥᠭᠵᠢᠭᠦᠯᠥᠯᠲᠡ ᠶᠢᠨ ᠲᠦᠯᠥᠪᠵᠢᠭᠦᠯᠭᠡ︾ ᠶᠢ ᠨᠠᠶᠢᠳᠠᠪᠤᠷᠢᠵᠢᠭᠤᠯᠤᠨ᠎ᠠ᠃ ᠥᠨᠳᠥᠰᠥᠨ ᠱᠠᠲᠤᠨ ᠤ ᠢᠳᠡᠭᠡᠨ ᠤ ᠠᠮᠤᠷ ᠲᠥᠪᠰᠢᠨ ᠢ ᠬᠢᠨᠠᠨ ᠬᠠᠮᠢᠶᠠᠷᠬᠤ ᠪᠡ ᠮᠡᠷᠭᠡᠵᠢᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠡᠷᠡᠭᠯᠡᠬᠦ ᠭᠡᠷ᠂ ᠬᠠᠤᠯᠢ ᠬᠡᠷᠡᠭᠵᠢᠭᠦᠯᠬᠦ ᠲᠡᠷᠭᠡ ᠭᠦᠰᠭᠡ᠂ ᠬᠠᠤᠯᠢ ᠬᠡᠷᠡᠭᠵᠢᠭᠦᠯᠬᠦ ᠲᠤᠨᠤᠭ ᠲᠥᠭᠦᠭᠡᠷᠥᠮᠵᠢ ᠲᠤᠬᠢᠷᠠᠭᠤᠯᠤᠨ ᠪᠠᠷᠢᠮᠵᠢᠶᠠᠵᠢᠭᠤᠯᠬᠤ ᠠᠵᠢᠯ ᠤᠨ ᠪᠡᠶᠡᠯᠡᠭᠳᠡᠬᠦ ᠶᠢ ᠲᠥᠯᠬᠢᠨ ᠠᠬᠢᠭᠤᠯᠤᠨ᠎ᠠ᠃ ᠡᠯ᠎ᠡ ᠱᠠᠲᠤᠨ ᠤ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠢᠳᠡᠭᠡᠨ ᠤ ᠠᠮᠤᠷ ᠲᠥᠪᠰᠢᠨ ᠤ ᠲᠠᠯ᠎ᠠ ᠪᠠᠷ ᠬᠢ ᠶᠠᠯ᠎ᠡ ᠬᠢᠬᠦ ᠶᠢ ᠲᠠᠩᠨᠠᠬᠤ ᠬᠦᠴᠥᠨ ᠢ ᠨᠢ ᠴᠢᠩᠭᠠᠷᠠᠭᠤᠯᠤᠨ᠎ᠠ᠃ ᠵᠤᠷᠢᠬᠵᠢᠭᠤᠯᠬᠤ ᠲᠥᠷᠥ ᠶᠢᠨ ᠪᠤᠳᠤᠯᠭ᠎ᠠ ᠲᠤᠭᠲᠠᠭᠠᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ᠂ ᠢᠳᠡᠭᠡᠨ ︵ᠢᠳᠡᠭᠡᠨ ᠤ ᠬᠠᠮᠢᠶ᠎ᠠ ᠪᠥᠬᠦᠢ ᠪᠦᠲᠥᠭᠡᠭᠳᠡᠭᠦᠨ ᠪᠠᠭᠲᠠᠨ᠎ᠠ︶ ᠢ ᠰᠢᠯᠭᠠᠨ ᠪᠠᠶᠢᠴᠠᠭᠠᠬᠤ ᠪᠠᠶᠢᠴᠠᠭᠠᠨ ᠰᠢᠨᠵᠢᠬᠦ ᠡᠬᠢ ᠪᠠᠶᠠᠯᠢᠭ ᠢ ᠨᠢ ᠰᠢᠯᠢᠳᠡᠭᠵᠢᠭᠦᠯᠥᠨ᠂ ᠶᠡᠭᠡ ᠰᠤᠷᠭᠠᠭᠤᠯᠢ ᠳᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠥᠷᠢᠶᠡᠯᠡᠭ ᠭᠠᠵᠠᠷ ᠵᠡᠷᠭᠡ ᠨᠡᠶᠢᠭᠡᠮ ᠤᠨ ᠰᠢᠯᠭᠠᠨ ᠪᠠᠶᠢᠴᠠᠭᠠᠬᠤ ᠪᠠᠶᠢᠴᠠᠭᠠᠨ ᠰᠢᠨᠵᠢᠬᠦ ᠡᠬᠢ ᠪᠠᠶᠠᠯᠢᠭ ᠤᠨ ᠥᠢᠯᠡᠳᠥᠯ ᠢ ᠭᠥᠢᠴᠡᠳ ᠪᠠᠳᠠᠷᠠᠭᠤᠯᠵᠤ᠂ ᠭᠤᠷᠪᠠᠳᠡᠬᠢ ᠡᠲᠡᠭᠡᠳ ᠤᠨ ᠰᠢᠯᠭᠠᠨ ᠪᠠᠶᠢᠴᠠᠭᠠᠬᠤ ᠥᠢᠯᠡᠴᠢᠯᠡᠭᠡᠨ ᠢ ᠤᠷᠤᠭᠤᠯᠵᠦ ᠢᠷᠡᠨ᠎ᠡ᠃ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠭᠡᠮ ᠢ ᠮᠠᠭᠠᠳᠯᠠᠨ ᠲᠤᠭᠲᠠᠭᠠᠬᠤ ᠪᠡ ᠰᠢᠯᠭᠠᠨ ᠪᠠᠶᠢᠴᠠᠭᠠᠭᠰᠠᠨ ᠥᠷ᠎ᠡ ᠳ᠋ᠥᠩ ᠢ ᠨᠢ ᠬᠠᠷᠢᠴᠠᠭᠤᠯᠬᠤ ᠶᠢ ᠴᠢᠩᠭᠠᠷᠠᠭᠤᠯᠤᠨ᠂ ᠰᠢᠯᠭᠠᠨ ᠪᠠᠶᠢᠴᠠᠭᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠠᠮᠤ ᠪᠤᠳᠠᠭ᠎ᠠ ᠶᠢᠨ ᠲᠤᠪᠴᠢᠶ᠎ᠠ᠂ ᠲᠣᠲᠤᠭᠠᠳᠦ ᠶᠢ ᠬᠠᠮᠠᠭᠠᠯᠠᠬᠤ ᠲᠢᠩᠬᠢᠮ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ ᠢᠳᠡᠭᠡᠨ ᠤ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠬᠢᠵᠢᠯᠲᠠ ᠶᠢᠨ ᠢᠨᠵᠧᠨᠧᠷᠢᠩ ᠤᠨ ᠲᠥᠷᠥᠯ ᠵᠥᠢᠯ ᠤᠨ ᠪᠠᠶᠢᠭᠤᠯᠤᠯᠲᠠ ᠶᠢ ᠲᠥᠷᠭᠡᠳᠬᠡᠨ᠂ ᠢᠳᠡᠭᠡᠨ ᠤ ᠠᠮᠤᠷ ᠲᠥᠪᠰᠢᠨ ᠤ ᠨᠢᠭᠡᠲᠥᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠬᠢ ᠶᠢ ᠬᠠᠮᠳᠤᠪᠠᠷ ᠬᠥᠷᠳᠡᠬᠦ ᠪᠡ ᠡᠬᠢ ᠪᠠᠶᠠᠯᠢᠭ ᠢ ᠶᠡᠷᠥᠩᠬᠡᠶᠢᠯᠡᠨ ᠠᠰᠢᠭᠯᠠᠬᠤ ᠶᠢ ᠪᠠᠶᠠᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠠᠳᠡᠭᠡ ᠵᠠᠩᠬᠢᠵᠢᠯᠲᠠ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠦ ᠥᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠡ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠠᠮᠤ ᠪᠤᠳᠠᠭ᠎ᠠ ᠶᠢᠨ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠮᠵᠢᠯᠴᠠᠨ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ ᠲᠥᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ ᠲᠥᠪᠰᠢᠨ ᠤ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠮᠵᠢᠯᠴᠠᠨ᠎ᠠ︶ ᠨᠢᠷᠠᠢ ᠨᠢᠯᠬ᠎ᠠ ᠬᠡᠤᠬᠡᠳ ᠲᠤ ᠵᠤᠷᠢᠭᠤᠯᠤᠭᠰᠠᠨ ᠨᠠᠶᠢᠷᠠᠯᠭ᠎ᠠ ᠲᠠᠢ ᠰᠥᠨ ᠲᠠᠯᠬ᠎ᠠ᠂ ᠮᠢᠬᠠᠨ ᠪᠥᠲᠥᠭᠡᠭᠳᠡᠭᠦᠨ᠂ ᠰᠥᠨ ᠪᠥᠲᠥᠭᠡᠭᠳᠡᠭᠦᠨ᠂ ᠢᠳᠡᠭᠡᠨ ᠳᠤ ᠬᠡᠷᠡᠭᠯᠡᠬᠦ ᠤᠷᠭᠤᠮᠠᠯ ᠤᠨ ᠲᠤᠰᠤ᠂ ᠬᠠᠷ᠎ᠠ ᠠᠷᠢᠬᠢ ᠵᠡᠷᠭᠡ ᠢᠳᠡᠭᠡᠨ ᠪᠡ ᠬᠠᠮᠢᠶ᠎ᠠ ᠪᠥᠬᠦᠢ ᠭᠤᠣᠯᠳᠠᠯᠭ᠎ᠠ ᠲᠠᠢ ᠪᠦᠲᠥᠭᠡᠭᠳᠡᠭᠦᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠢᠳᠡᠭᠡᠨ ᠥᠢᠯᠡᠳᠪᠥᠷᠢᠯᠡᠨ ᠡᠵᠡᠩᠨᠡᠵᠤ ᠪᠠᠶᠢᠭ᠎ᠠ ᠠᠵᠤ ᠠᠬᠤᠶᠢᠯᠠᠯ ᠢ ᠵᠤᠷᠢᠬᠵᠢᠭᠤᠯᠤᠨ ᠳᠡᠮᠵᠢᠵᠤ ᠪᠠᠶᠢᠭᠠᠳ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢ ᠴᠢᠩᠭᠠᠳᠬᠠᠨ᠂ ᠮᠥᠷᠳᠡᠨ ᠤᠬᠤᠴᠢᠯᠠᠬᠤ ᠰᠢᠰᠲ᠋ᠧᠮᠵᠢ ᠶᠢᠨ ᠬᠠᠮᠤᠷᠬᠤ ᠭᠡᠪᠴᠢᠶ᠎ᠡ ᠶᠢ ᠴᠢᠷᠮᠠᠶᠢᠨ ᠦᠷᠭᠡᠳᠭᠡᠨ᠎ᠡ᠃ ︵ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠠᠳᠡᠭᠡ ᠵᠠᠩᠬᠢᠵᠢᠯᠲᠠ ᠶᠢᠨ ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠮᠤ ᠪᠤᠳᠠᠭ᠎ᠠ ᠶᠢᠨ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠬᠠᠮᠵᠢᠯᠴᠠᠨ᠎ᠠ︶ ᠪᠥᠬᠦ ᠤᠷᠤᠨ ᠤ ᠢᠳᠡᠭᠡᠨ ᠤ ᠠᠮᠤᠷ ᠲᠥᠪᠰᠢᠨ ᠤ ᠲᠤᠭ᠎ᠠ ᠪᠦᠷᠢᠳᠭᠡᠯ ᠤᠨ ᠮᠡᠳᠡᠭᠡ ᠵᠠᠩᠬᠢ ᠶᠢᠨ ᠬᠠᠮᠢᠶᠠᠷᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠥᠪᠰᠢᠨ ᠤ ᠤᠨ ᠤ ᠮᠡᠳᠡᠭᠦᠯᠥᠯᠲᠡ ᠨᠠᠶᠢᠷᠠᠭᠤᠯᠤᠨ ᠵᠣᠬᠢᠶᠠᠬᠤ ᠶᠠᠪᠤᠳᠠᠯ ᠢ ᠰᠤᠳᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠬᠠᠷᠢᠭᠤᠴᠠᠵᠤ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠬᠠᠮᠢᠶ᠎ᠠ ᠪᠥᠬᠦᠢ ᠪᠥᠷᠢᠯᠳᠥᠭᠦᠨ ᠨᠢᠭᠡᠴᠡ ᠬᠠᠮᠵᠢᠯᠴᠠᠨ᠎ᠠ︶      ᠲᠠᠪᠤ᠂ ᠢᠳᠡᠭᠡᠨ ᠤ ᠠᠮᠤᠷ ᠲᠥᠪᠰᠢᠨ ᠤ ᠬᠠᠤᠯᠢ ᠲᠤᠭᠲᠠᠭᠠᠯ ᠳᠦᠷᠢᠮ ᠪᠠ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠲᠥᠯᠬᠢᠨ ᠠᠬᠢᠭᠤᠯᠤᠨ᠎ᠠ      ︽ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠥᠷᠢ ︵2015 — 2020 ᠤᠨ︶︾ ᠶᠢ ᠨᠠᠶᠢᠳᠠᠪᠤᠷᠢᠵᠢᠭᠤᠯᠤᠨ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠥᠪᠰᠢᠨ ᠤ ᠬᠠᠤᠯᠢ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠢᠳᠡᠭᠡᠨ ᠥᠢᠯᠡᠳᠪᠥᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠥᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠷᠤᠨ ᠨᠤᠲᠤᠭ ᠤᠨ ᠴᠢᠨᠠᠷᠲᠠᠢ ᠲᠦᠭᠦᠷ ᠬᠠᠤᠯᠢ ᠲᠣᠭᠲᠠᠭᠠᠯ᠂ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠪᠠ ᠵᠠᠰᠠᠪᠤᠷᠢ ᠤᠷᠤᠭᠤᠯᠬᠤ ᠠᠬᠢᠴᠠ ᠶᠢ ᠲᠥᠷᠭᠡᠳᠬᠡᠨ ᠠᠬᠢᠭᠤᠯᠤᠨ᠎ᠠ᠃ ᠢᠳᠡᠭᠡᠨ ᠤ ᠠᠮᠤᠷ ᠲᠥᠪᠰᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠲᠡᠭᠦᠯᠳᠡᠷᠵᠢᠭᠦᠯᠥᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠬᠤ ᠳᠥᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠥᠨ᠎ᠡ᠃ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ ᠠᠵᠢᠯ ᠥᠷᠨᠢᠭᠦᠯᠥᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠ ᠵᠠᠷᠭᠤ ᠬᠥᠯᠢᠶᠡᠬᠦ ᠠᠵᠢᠯ ᠢ ᠰᠠᠶᠢᠲᠤᠷ ᠬᠢᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠬᠠᠮᠢᠶ᠎ᠠ ᠪᠥᠬᠦᠢ ᠪᠦᠷᠢᠯᠳᠥᠭᠦᠨ ᠨᠢᠭᠡᠴᠡ ᠡᠭᠦᠷᠭᠡ ᠬᠠᠷᠢᠭᠤᠴᠠᠯᠭ᠎ᠠ ᠪᠠᠨ ᠥᠨᠳᠥᠰᠥᠯᠡᠨ ᠬᠤᠪᠢᠳᠠᠨ ᠬᠠᠷᠢᠭᠤᠴᠠᠵᠦ᠂ ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠵᠢᠯ ᠤᠨ ᠠᠯᠪᠠᠨ ᠭᠡᠷ ᠬᠠᠮᠵᠢᠯᠴᠠᠨ᠎ᠠ ︶ ᠤᠷᠤᠨ ᠨᠤᠲᠤᠭ ᠤᠨ ᠭᠤᠣᠯᠳᠠᠯᠭ᠎ᠠ ᠲᠠᠢ ᠢᠳᠡᠭᠡᠨ ᠤ ᠠᠮᠤᠷ ᠲᠥᠪᠰᠢᠨ ᠤ ᠪᠠᠷᠢᠮᠵᠢᠶ᠎ᠠ ︵ᠢᠳᠡᠭᠡᠨ ᠤ ᠬᠠᠮᠢᠶ᠎ᠠ ᠪᠥᠬᠦᠢ ᠪᠥᠲᠥᠭᠡᠭᠳᠡᠭᠦᠨ ᠪᠠᠭᠲᠠᠨ᠎ᠠ︶ ᠶᠢ ᠲᠣᠭᠲᠠᠭᠠᠬᠤ ᠪᠠ ᠵᠠᠰᠠᠪᠤᠷᠢ ᠤᠷᠤᠭᠤᠯᠬᠤ ᠶᠢ ᠲᠥᠷᠭᠡᠳᠬᠡᠨ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠥᠪᠰᠢᠨ ᠤ ᠤᠷᠤᠨ ᠨᠤᠲᠤᠭ ᠤᠨ ᠪᠠᠷᠢᠮᠵᠢᠶ᠎ᠠ ᠶᠢᠨ ᠭᠠᠷᠴᠠᠭ ᠤᠨ ᠠᠭᠤᠯᠭ᠎ᠠ ᠶᠢ ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ ᠠᠴᠠ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠯᠤᠭ᠎ᠠ ᠬᠠᠮᠲᠤᠷᠠᠨ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠪᠡ ᠤᠷᠤᠨ ᠨᠤᠲᠤᠭ ᠤᠨ ᠪᠠᠷᠢᠮᠵᠢᠶ᠎ᠠ ᠶᠢ ᠮᠥᠷᠳᠡᠨ ᠥᠨᠡᠯᠡᠬᠦ ᠶᠢ ᠴᠢᠩᠭᠠᠳᠬᠠᠨ᠂ ᠢᠳᠡᠭᠡᠨ ᠤ ᠠᠮᠤᠷ ᠲᠥᠪᠰᠢᠨ ᠤ ᠤᠷᠤᠨ ᠨᠤᠲᠤᠭ ᠤᠨ ᠪᠠᠷᠢᠮᠵᠢᠶ᠎ᠠ ᠶᠢ ᠲᠤᠭᠲᠠᠭᠠᠬᠤ ᠬᠢᠬᠡᠳ ᠬᠢᠨᠠᠨ ᠬᠠᠮᠢᠶᠠᠷᠴᠥ ᠬᠠᠤᠯᠢ ᠬᠡᠷᠡᠭᠵᠢᠭᠦᠯᠬᠦ ᠠᠵᠢᠯ ᠯᠤᠭ᠎ᠠ ᠵᠤᠯᠭᠠᠭᠤᠯᠬᠤ ᠶᠢ ᠰᠠᠶᠢᠲᠤᠷ ᠬᠢᠨ᠎ᠡ᠃ ︵ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ ᠨᠢ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠠᠮᠤ ᠪᠤᠳᠠᠭ᠎ᠠ ᠶᠢᠨ ᠲᠤᠪᠴᠢᠶ᠎ᠠ ᠯᠤᠭ᠎ᠠ ᠬᠠᠮᠲᠤᠷᠠᠨ ᠬᠠᠷᠢᠭᠤᠴᠠᠨ᠎ᠠ︶ ᠪᠥᠬᠦ ᠤᠯᠤᠰ ᠤᠨ ᠲᠡᠷᠢᠶᠠᠨ ᠡᠮ ᠤᠨ ᠥᠯᠡᠳᠡᠭᠳᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠠᠵᠢᠯ ᠤᠨ ᠲᠥᠰᠥᠯ  ︵2015 — 2020 ᠤᠨ︶ ᠢ ᠨᠠᠶᠢᠳᠠᠪᠤᠷᠢᠵᠢᠭᠤᠯᠤᠨ᠂ ᠤᠯᠤᠰ ᠤᠨ ᠤᠨ ᠤ ᠰᠢᠨ᠎ᠡ ᠲᠤᠭᠲᠠᠭᠠᠬᠤ ᠪᠠᠷ ᠪᠠᠶᠢᠭ᠎ᠠ ᠲᠠᠷᠢᠶᠠᠨ ᠡᠮ ᠤᠨ ᠥᠯᠡᠳᠡᠭᠳᠡᠯ ᠤᠨ ᠪᠠᠷᠢᠮᠵᠢᠶ᠎ᠠ᠂ ᠮᠠᠯ ᠤᠨ ᠡᠮ ᠤᠨ ᠥᠯᠡᠳᠡᠭᠳᠡᠯ ᠤᠨ ᠪᠠᠷᠢᠮᠵᠢᠶ᠎ᠠ ᠪᠠ ᠲᠠᠷᠢᠶᠠᠯᠠᠩ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠤᠷᠤᠭᠤᠯᠬᠤ ᠠᠵᠢᠯ ᠳᠤ ᠢᠳᠡᠪᠬᠢᠲᠡᠢ ᠤᠷᠤᠯᠴᠠᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ᠎ᠠ︶      ᠵᠢᠷᠭᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠥᠢᠯᠡᠳᠪᠥᠷᠢᠯᠡᠯ ᠤᠨ ᠤᠷᠴᠢᠨ ᠲᠤᠭᠤᠷᠢᠨ ᠤ ᠨᠥᠭᠦᠴᠡᠯ ᠢ ᠴᠢᠷᠮᠠᠶᠢᠨ ᠰᠠᠶᠢᠵᠢᠷᠠᠭᠤᠯᠤᠨ᠎ᠠ      ᠠᠭᠠᠷ ᠮᠠᠨᠳᠠᠯ᠂ ᠤᠰᠤ᠂ ᠭᠥᠷᠥᠰᠥ ᠰᠢᠷᠣᠢ ᠶᠢᠨ ᠪᠤᠬᠢᠷᠳᠥᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠬᠥᠷᠥᠰᠥ ᠰᠢᠷᠣᠢ ᠶᠢᠨ ᠪᠤᠬᠢᠷᠳᠤᠭᠰᠠᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠡᠬᠢᠯᠡᠭᠦᠯᠥᠨ᠂ ᠬᠥᠷᠥᠰᠥ ᠰᠢᠷᠣᠢ ᠶᠢᠨ ᠪᠤᠬᠢᠷᠳᠤᠯ ᠢ ᠵᠠᠰᠠᠬᠤ ᠪᠠ ᠥᠩᠭᠡᠵᠢᠭᠦᠯᠥᠨ ᠰᠡᠷᠭᠦᠭᠡᠬᠦ ᠲᠤᠷᠰᠢᠯᠲᠠ ᠶᠢ ᠦᠷᠨᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠡᠩ ᠲᠡᠷᠢᠭᠦᠨ ᠳᠤ ᠬᠠᠮᠠᠭᠠᠯᠠᠬᠤ ᠲᠥᠷᠥᠯ ᠪᠦᠬᠦᠢ ᠲᠠᠷᠢᠶᠠᠨ ᠭᠠᠵᠠᠷ ᠲᠥᠪᠯᠡᠷᠡᠭᠰᠡᠨ ᠣᠷᠣᠨ ᠪᠦᠰᠡ ᠳᠤ ᠥᠩᠭᠡᠲᠥ ᠲᠡᠮᠦᠷᠯᠢᠭ ᠪᠤᠯᠪᠠᠰᠤᠷᠠᠭᠤᠯᠬᠤ᠂ ᠴᠢᠯᠠᠭᠤᠨ ᠲᠤᠰᠤ ᠪᠣᠯᠪᠠᠰᠤᠷᠠᠭᠤᠯᠬᠤ᠂ ᠬᠢᠮᠢ ᠶᠢᠨ ᠠᠵᠤ ᠥᠢᠯᠡᠳᠪᠥᠷᠢ᠂ ᠬᠡᠤᠷᠰᠢᠭᠦᠯᠬᠦ᠂ ᠴᠠᠬᠢᠯᠭᠠᠨ ᠢᠶᠠᠷ ᠥᠩᠬᠡᠯᠡᠬᠦ᠂ ᠠᠷᠠᠰᠤ ᠡᠯᠳᠡᠬᠦ᠂ ᠠᠶᠤᠯᠲᠠᠢ ᠬᠠᠶᠠᠭᠳᠠᠮᠠᠯ ᠪᠤᠳᠠᠰ ᠢ ᠶᠡᠷᠥᠩᠬᠡᠶᠢᠯᠡᠨ ᠠᠰᠢᠭᠯᠠᠬᠤ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠨ᠂ ᠤᠳᠤ ᠪᠠᠶᠢᠭ᠎ᠠ ᠬᠠᠮᠢᠶ᠎ᠠ ᠪᠥᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠬᠠᠪᠰᠤᠷᠤᠨ ᠲᠡᠳᠭᠦᠵᠦ᠂ ᠪᠡᠷᠢᠮᠵᠢᠶ᠎ᠠ ᠪᠠᠨ ᠳᠡᠭᠡᠭᠰᠢᠯᠡᠭᠦᠯᠤᠨ ᠳᠠᠰ ᠲᠡᠪᠰᠢᠭᠦᠯᠵᠤ ᠥᠭᠡᠷᠡᠴᠢᠯᠡᠯᠲᠠ ᠬᠢᠬᠦ ᠠᠯᠬᠤᠴᠠ ᠶᠢ ᠨᠢ ᠲᠥᠷᠭᠡᠳᠬᠡᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ᠂ ᠬᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠬᠦᠯᠬᠦ ᠠᠵᠢᠯᠯᠠᠭ᠎ᠠ ᠶᠢ ᠭᠥᠨᠵᠡᠭᠡᠢ ᠥᠷᠨᠢᠭᠦᠯᠥᠨ᠂ ᠲᠠᠷᠢᠶᠠᠯᠠᠩ ᠤᠨ ᠣᠯᠠᠨ ᠡᠬᠢᠲᠦ ᠪᠤᠬᠢᠷᠳᠤᠯ ᠢ ᠰᠡᠷᠭᠡᠶᠢᠯᠡᠵᠤ ᠰᠢᠪᠲᠤᠯᠬᠤ ᠠᠵᠢᠯᠯᠠᠭ᠎ᠠ ᠶᠢ ᠲᠥᠯᠬᠢᠨ ᠠᠬᠢᠭᠤᠯᠵᠤ᠂ ᠬᠥᠨᠳᠥ ᠲᠡᠮᠦᠷᠯᠢᠭ ᠲᠤ ᠪᠤᠬᠢᠷᠳᠤᠭᠰᠠᠨ ᠲᠠᠷᠢᠶᠠᠨ ᠭᠠᠵᠠᠷ ᠢ ᠥᠩᠭᠡᠵᠢᠭᠦᠯᠥᠨ ᠰᠡᠷᠭᠦᠭᠡᠬᠦ ᠪᠠ ᠲᠠᠷᠢᠵᠤ ᠲᠡᠵᠢᠭᠡᠬᠦ ᠪᠥᠲᠥᠴᠡ ᠳᠤ ᠲᠤᠬᠢᠷᠠᠭᠤᠯᠤᠯᠲᠠ ᠬᠢᠬᠦ ᠶᠢ ᠲᠥᠷᠭᠡᠳᠬᠡᠨ᠂ ᠳᠤᠮᠳᠠ ᠵᠡᠷᠭᠡ ᠶᠢᠨ ᠪᠠ ᠬᠥᠩᠭᠡᠨ ᠬᠡᠮᠵᠢᠶ᠎ᠡ ᠪᠠᠷ ᠪᠣᠬᠢᠷᠳᠤᠭᠰᠠᠨ ᠲᠠᠷᠢᠶᠠᠨ ᠭᠠᠵᠠᠷ ᠢ ᠠᠮᠤᠷ ᠲᠥᠪᠰᠢᠨ ᠢᠶᠠᠷ ᠬᠡᠷᠡᠭᠯᠡᠬᠦ ᠵᠢᠴᠢ ᠬᠥᠨᠳᠥ ᠬᠡᠮᠵᠢᠶ᠎ᠡ ᠪᠠᠷ ᠪᠣᠬᠢᠷᠳᠤᠭᠰᠠᠨ ᠲᠠᠷᠢᠶᠠᠨ ᠭᠠᠵᠠᠷ ᠤᠨ ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠥᠢᠯᠡᠳᠪᠥᠷᠢᠯᠡᠬᠦ ᠶᠢ ᠬᠤᠷᠢᠭᠯᠠᠬᠤ ᠤᠷᠤᠨ ᠢᠶᠠᠷ ᠵᠢᠭᠠᠨ ᠵᠢᠯᠤᠭᠤᠳᠴᠥ ᠬᠤᠪᠢᠶᠠᠷᠢᠯᠠᠨ ᠲᠤᠭᠲᠠᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ ᠬᠠᠮᠵᠢᠯᠴᠠᠨ᠎ᠠ︶      ᠳᠤᠯᠤᠭ᠎ᠠ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠥᠲᠥᠭᠡᠭᠳᠡᠭᠦᠨ ᠮᠠᠯ ᠤᠨ ᠠᠰᠢᠭ ᠰᠢᠮ᠎ᠡ ᠶᠢᠨ ᠲᠠᠷᠢᠵᠤ ᠲᠡᠵᠢᠭᠡᠬᠦ ᠶᠢᠨ ᠡᠬᠢ ᠡᠭᠦᠰᠥᠯ ᠠᠴᠠ ᠨᠢ ᠵᠠᠰᠠᠬᠤ ᠶᠢ ᠬᠥᠴᠥᠯᠡᠨ ᠴᠢᠩᠭᠠᠳᠬᠠᠨ᠎ᠠ      ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠠᠶᠢᠬᠠᠨ ᠥᠢᠯᠡᠳᠪᠥᠷᠢᠯᠡᠬᠦ ᠵᠢᠷᠥᠮᠵᠢᠯ ᠢ ᠶᠡᠬᠡᠪᠡᠷ ᠬᠡᠷᠡᠭᠵᠢᠭᠦᠯᠵᠥ᠂ ᠲᠠᠷᠢᠶᠠᠨ ᠤ ᠪᠠ ᠮᠠᠯ ᠤᠨ ᠡᠮ ᠤᠨ ᠠᠮᠤᠷ ᠲᠥᠪᠰᠢᠨ ᠤ ᠵᠠᠪᠰᠠᠷᠯᠠᠬᠤ ᠬᠤᠭᠤᠴᠠᠭ᠎ᠠ᠂ ᠡᠮ ᠵᠤᠭᠰᠤᠭᠠᠬᠤ ᠬᠤᠭᠤᠴᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠡᠪᠴᠢᠶᠡᠵᠢᠭᠦᠯᠥᠨ ᠥᠢᠯᠡᠳᠪᠥᠷᠢᠯᠡᠨ ᠡᠵᠡᠩᠨᠡᠵᠦ ᠪᠠᠶᠢᠭ᠎ᠠ ᠭᠤᠤᠯ ᠴᠤᠭᠴᠠ ᠶᠢᠨ ᠥᠢᠯᠡᠳᠪᠥᠷᠢᠯᠡᠨ ᠡᠵᠡᠩᠨᠡᠵᠦ ᠪᠠᠶᠢᠭ᠎ᠠ ᠪᠠᠨ ᠲᠡᠮᠳᠡᠭᠯᠡᠬᠦ ᠡᠬᠡ ᠳᠠᠩᠰᠠ ᠶᠢᠨ ᠳᠥᠷᠢᠮ ᠢ ᠨᠠᠶᠢᠳᠠᠪᠤᠷᠢᠵᠢᠭᠤᠯᠤᠨ᠎ᠠ᠃ ᠬᠤᠤᠷ ᠶᠡᠬᠡᠲᠡᠢ ᠲᠠᠷᠢᠶᠠᠨ ᠡᠮ ᠢ ᠴᠢᠬ ᠲᠤᠭᠲᠠᠭᠠᠨ ᠡᠵᠡᠩᠨᠡᠬᠦ᠂ ᠥᠨᠡᠨ ᠨᠡᠷ᠎ᠡ ᠪᠠᠷ ᠢᠶᠠᠨ ᠬᠤᠳᠠᠯᠳᠤᠨ ᠠᠪᠬᠤ ᠳᠥᠷᠢᠮ ᠢ ᠴᠢᠩᠭ᠎ᠠ ᠬᠡᠷᠡᠭᠵᠢᠭᠦᠯᠥᠨ᠂ ᠬᠡᠷᠡᠭᠯᠡᠬᠦ ᠳᠤᠨᠢ ᠴᠠᠭᠠᠵᠠ ᠬᠢᠵᠠᠭᠠᠷ ᠲᠠᠢ ᠪᠠᠶᠢᠯᠭᠠᠬᠤ ᠠᠷᠭ᠎ᠠ ᠬᠡᠮᠵᠢᠶ᠎ᠡ ᠶᠢ ᠠᠪᠴᠥ᠂ ᠲᠤᠭᠰᠢᠨ ᠬᠤᠤᠷ ᠲᠠᠢ ᠪᠠ ᠬᠤᠤᠷ ᠶᠡᠬᠡᠲᠡᠢ ᠲᠠᠷᠢᠶᠠᠨ ᠡᠮ ᠢ ᠢᠳᠡᠰᠢᠨ ᠨᠤᠭᠤᠭ᠎ᠠ᠂ ᠭᠤᠸᠠ ᠵᠢᠮᠢᠰ᠂ ᠬᠢᠲᠠᠳ ᠡᠪᠡᠰᠥᠨ ᠡᠮ ᠵᠡᠷᠭᠡ ᠲᠠᠷᠢᠮᠡᠯ ᠤᠨ ᠵᠥᠢᠯ ᠤᠨ ᠥᠢᠯᠡᠳᠪᠥᠷᠢᠯᠡᠯ ᠳᠤ ᠬᠡᠷᠡᠭᠯᠡᠬᠦ ᠶᠢ ᠴᠠᠭᠠᠵᠠᠯᠠᠨ᠎ᠠ᠃ ᠮᠡᠯ ᠳᠤ ᠬᠡᠷᠡᠭᠯᠡᠬᠦ ᠵᠤᠷ ᠤᠨ ᠡᠮ ᠤᠨ ᠬᠠᠮᠢᠶᠠᠷᠤᠯᠲᠠ ᠪᠠ ᠮᠠᠯ ᠤᠨ ᠡᠮ ᠤᠨ ᠬᠤᠶᠠᠷ ᠬᠡᠮᠵᠢᠯᠲᠦ ᠲᠡᠮᠳᠡᠭ ᠢᠶᠠᠷ ᠮᠥᠷᠳᠡᠨ ᠤᠬᠤᠴᠢᠯᠠᠬᠤ ᠳᠥᠷᠢᠮ ᠢ ᠬᠡᠷᠡᠭᠵᠢᠭᠦᠯᠥᠨ᠎ᠡ᠃ ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠬᠦ ᠮᠡᠷᠭᠡᠵᠢᠯ ᠤᠨ ᠪᠤᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠤᠨ᠂ ᠲᠠᠷᠢᠶᠠᠯᠠᠬᠤ ᠮᠠᠯᠵᠢᠬᠤ ᠡᠷᠥᠬᠡ ᠨᠦᠭᠦᠳ ᠤᠨ ᠲᠠᠷᠢᠶᠠᠨ ᠡᠮ᠂ ᠮᠠᠯ ᠤᠨ ᠡᠮ᠂ ᠬᠢᠮᠢ ᠶᠢᠨ ᠪᠤᠷᠳᠤᠭᠤᠷ᠂ ᠲᠡᠵᠢᠭᠡᠯ ᠪᠤᠷᠳᠤᠭ᠎ᠠ ᠪᠠ ᠲᠡᠵᠢᠭᠡᠯ ᠪᠤᠷᠳᠤᠭ᠎ᠠ ᠶᠢᠨ ᠨᠡᠮᠡᠯᠲᠡ ᠡᠳ᠋ ᠢ ᠬᠠᠤᠯᠢ ᠶᠤᠰᠤᠭᠠᠷ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠵᠢᠯᠤᠭᠤᠳᠤᠨ᠂ ︽ᠪᠤᠷᠤᠭ ᠮᠢᠬᠠᠯᠠᠭᠤᠯᠬᠤ ᠬᠠᠨᠳᠠ︾᠂ ᠲᠤᠭᠤᠰ ᠤᠨ ᠴᠢᠯᠠᠭᠤᠨ ᠤ ᠨᠤᠭᠤᠭᠠᠨ᠂ ᠨᠢᠲᠷᠥ ᠹᠥᠷᠠᠨ ᠵᠡᠷᠭᠡ ᠬᠤᠷᠢᠭᠠᠲᠠᠢ ᠪᠤᠳᠠᠰ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠪᠡᠳᠴᠢᠨ ᠬᠤᠷᠤᠬᠠᠢ ᠶᠢᠨ ᠬᠥᠨᠥᠭᠡᠯ᠂ ᠠᠮᠢᠲᠠᠨ ᠤ ᠭᠡᠮ ᠬᠢᠵᠢᠭ ᠢ ᠨᠢᠭᠡᠳᠥᠯᠲᠡᠢ ᠰᠡᠷᠭᠡᠶᠢᠯᠡᠨ ᠨᠢᠭᠡᠳᠥᠯᠲᠡᠢ ᠡᠮᠨᠡᠭᠦ ᠲᠤᠰᠬᠠᠶᠢᠵᠢᠭᠰᠠᠨ ᠥᠢᠯᠡᠴᠢᠯᠡᠭᠡᠨ ᠢ ᠬᠡᠷᠡᠭᠵᠢᠭᠦᠯᠵᠥ᠂ ᠡᠵᠡᠩᠨᠡᠯᠲᠡ ᠶᠢᠨ ᠴᠢᠨᠠᠷᠲᠠᠢ ᠥᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠲᠡᠳᠭᠦᠨ ᠪᠤᠶᠢᠵᠢᠭᠤᠯᠤᠨ᠎ᠠ᠃ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠭᠠᠷᠤᠯᠲᠠ ᠶᠢᠨ ᠭᠠᠵᠠᠷ ᠤᠨ ᠥᠢᠯᠡᠳᠪᠥᠷᠢᠯᠡᠬᠦ ᠪᠠ ᠭᠠᠷᠭᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠭᠠᠷᠤᠯᠲᠠ ᠶᠢᠨ ᠭᠠᠵᠠᠷ ᠤᠨ ᠬᠢᠷᠢ ᠲᠡᠩᠴᠡᠭᠰᠡᠨ ᠥᠨᠡᠮᠯᠡᠯ ᠤᠨ ᠲᠤᠷᠰᠢᠯᠲᠠ ᠶᠢᠨ ᠳᠡᠯᠭᠡᠷᠡᠭᠦᠯᠬᠦ ᠠᠵᠢᠯ ᠢ ᠵᠤᠬᠢᠶᠠᠨ ᠪᠠᠶᠢᠭᠤᠯᠤᠨ ᠥᠷᠨᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ᠎ᠠ︶ ᠮᠠᠯ ᠵᠢᠭᠦᠷᠲᠡᠨ ᠤᠰᠤᠨ ᠭᠠᠷᠤᠯᠲᠠ ᠶᠢᠨ ᠶᠠᠰᠦ ᠴᠢᠨᠠᠷ ᠤᠨ ᠠᠮᠤᠷ ᠲᠥᠪᠰᠢᠨ ᠢ ᠲᠤᠰᠬᠠᠢ ᠵᠥᠢᠯ ᠢᠶᠠᠷ ᠴᠡᠭᠴᠡᠯᠡᠨ ᠵᠠᠰᠠᠬᠤ ᠶᠢ ᠭᠥᠨᠵᠡᠭᠡᠢ ᠲᠥᠯᠬᠢᠨ ᠠᠬᠢᠭᠤᠯᠵᠦ᠂ ᠲᠠᠷᠢᠶᠠᠨ ᠡᠮ ᠮᠠᠯ ᠤᠨ ᠡᠮ ᠤᠨ ᠥᠯᠡᠳᠡᠭᠳᠡᠯ ᠤᠨ ᠪᠠᠷᠢᠮᠵᠢᠶ᠎ᠠ ᠠᠴᠠ ᠳᠠᠪᠠᠵᠦ ᠪᠠᠶᠢᠭ᠎ᠠ ᠳᠤᠪᠤᠶᠢᠮ᠎ᠠ ᠠᠰᠠᠭᠤᠳᠠᠯ ᠢ ᠲᠥᠪᠯᠡᠷᠡᠭᠦᠯᠥᠨ ᠵᠠᠰᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠥᠪᠥᠷ ᠮᠤᠩᠭᠤᠯ ᠤᠨ ᠴᠢᠮᠡᠭᠡ ᠬᠤᠯᠪᠤᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶      ᠨᠠᠢᠮᠠ᠂ ᠢᠳᠡᠭᠡᠨ ᠥᠢᠯᠡᠳᠪᠥᠷᠢᠯᠡᠵᠦ ᠡᠵᠡᠩᠨᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠡ      ᠪᠠᠶᠢᠴᠠᠭᠠᠬᠤ ᠶᠢ ᠬᠦᠰᠥᠨᠥᠭᠳᠥᠵᠢᠭᠦᠯᠬᠦ᠂ ᠰᠤᠭᠤᠴᠢᠵᠦ ᠰᠢᠯᠭᠠᠨ ᠪᠠᠶᠢᠴᠠᠭᠠᠬᠤ ᠶᠢ ᠲᠥᠷᠢᠮᠵᠢᠭᠦᠯᠬᠦ᠂ ᠬᠠᠷᠢᠭᠤᠴᠠᠯᠭ᠎ᠠ ᠶᠢ ᠲᠤᠤᠷᠵᠢᠭᠤᠯᠬᠤ᠂ ᠬᠢᠨᠠᠨ ᠬᠠᠮᠢᠶᠠᠷᠬᠤ ᠶᠢ ᠮᠡᠳᠡᠭᠡ ᠵᠠᠩᠬᠢᠵᠢᠭᠤᠯᠬᠤ ᠶᠢ ᠬᠥᠴᠥᠲᠡᠢ ᠬᠡᠷᠡᠭᠵᠢᠭᠦᠯᠵᠦ᠂ ᠡᠳᠥᠷ ᠲᠤᠲᠤᠮ ᠤᠨ ᠪᠠᠶᠢᠴᠠᠭᠠᠬᠤ ᠪᠠ ᠬᠢᠨᠠᠯᠲᠠ ᠲᠠᠯᠪᠢᠨ ᠰᠤᠭᠤᠴᠢᠵᠦ ᠰᠢᠯᠭᠠᠨ ᠪᠠᠶᠢᠴᠠᠭᠠᠬᠤ ᠬᠤᠶᠠᠷ ᠬᠠᠷᠢᠭᠤᠴᠠᠯᠭ᠎ᠠ ᠶᠢ ᠪᠥᠲᠥᠮᠵᠢᠲᠡᠢ ᠨᠠᠶᠢᠳᠠᠪᠤᠷᠢᠵᠢᠭᠤᠯᠤᠨ᠎ᠠ᠃ ︽ᠬᠤᠶᠠᠷ ᠢ ᠳᠠᠰᠢᠷᠠᠮ ᠳᠠᠭᠠᠤ᠂ ᠨᠢᠭᠡ ᠶᠢ ᠢᠯᠡ ᠪᠠᠶᠢᠯᠭᠠᠬᠤ︾ ᠱᠠᠭᠠᠷᠳᠠᠯᠭ᠎ᠠ ᠶᠢ ᠲᠤᠤᠱᠯᠠᠭᠤᠯᠤᠨ᠂ ᠵᠠᠰᠠᠭ ᠵᠠᠬᠢᠷᠭᠠᠨ ᠢᠶᠠᠷ ᠵᠥᠪᠰᠢᠶᠡᠷᠡᠬᠦ ᠶᠢᠨ ᠠᠵᠢᠯ ᠬᠡᠷᠡᠭ ᠤᠨ ᠲᠤᠮᠳᠠᠬᠢ ᠪᠠ ᠰᠡᠭᠦᠯᠡᠷᠬᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠥᠢᠯᠡᠳᠪᠥᠷᠢᠯᠡᠨ ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠥᠷᠭᠦᠯᠵᠢᠯᠡᠨ ᠥᠨᠡᠮᠯᠡᠯ ᠤᠯᠬᠤ ᠨᠥᠬᠦᠴᠡᠯ ᠲᠠᠢ ᠪᠠᠨ ᠪᠠᠶᠢᠬᠤ ᠳᠤ ᠬᠢᠨᠠᠯᠲᠠ ᠲᠠᠯᠪᠢᠨ᠎ᠠ᠃ ᠲᠤᠰᠬᠠᠢ ᠵᠥᠢᠯ ᠢᠶᠠᠷ ᠪᠠᠶᠢᠴᠠᠭᠠᠬᠤ ᠪᠠ ᠭᠡᠨᠡᠳᠡᠭᠦᠯᠥᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠳᠠᠯᠳᠠ ᠭᠡᠮ ᠢ ᠲᠦᠢᠯᠪᠤᠷᠢᠲᠠᠢ ᠪᠠᠶᠢᠴᠠᠭᠠᠬᠤ᠂ ︽ᠢᠳᠡᠪᠬᠢ ᠵᠥᠢᠯ︾ ᠢ ᠨᠢ ᠰᠤᠭᠤᠴᠢᠨ ᠪᠠᠶᠢᠴᠠᠭᠠᠬᠤ᠂ ᠰᠢᠳᠭᠡᠯ ᠢ ᠬᠥᠮᠥᠨ ᠳᠤᠨᠢ ᠲᠤᠯᠭᠠᠬᠤ᠂ ᠮᠡᠳᠡᠭᠡ ᠵᠠᠩᠬᠢ ᠶᠢ ᠢᠯᠡ ᠪᠤᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠤᠯᠢ ᠪᠠ ᠳᠥᠷᠢᠮ ᠠᠴᠠ ᠵᠥᠷᠢᠴᠡᠭᠰᠡᠨ ᠠᠵᠤ ᠠᠬᠤᠶᠢᠯᠠᠯ ᠢ ᠣᠯᠠᠨ ᠳᠤ ᠢᠯᠡ ᠦᠵᠡᠭᠦᠯᠥᠨ᠂ ᠥᠢᠯᠡᠳᠪᠥᠷᠢᠯᠡᠵᠦ ᠡᠵᠡᠩᠨᠡᠭᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠭᠡᠳᠡᠷᠭᠡᠨ ᠰᠢᠬᠠᠮᠳᠠᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶ ᠢᠳᠡᠭᠡᠨ ︵ᠢᠳᠡᠭᠡᠨ ᠤ ᠬᠠᠮᠢᠶ᠎ᠠ ᠪᠥᠬᠦᠢ ᠪᠥᠲᠥᠭᠡᠭᠳᠡᠭᠦᠨ ᠪᠠᠭᠲᠠᠨ᠎ᠠ︶ ᠥᠢᠯᠡᠳᠪᠥᠷᠢᠯᠡᠨ ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠥᠪᠰᠢᠨ ᠤ ᠡᠷᠭᠡ ᠣᠯᠭᠤᠭᠴᠢ ᠶᠢᠨ ᠳᠥᠷᠢᠮ ᠪᠠᠶᠢᠭᠤᠯᠬᠤ ᠶᠢ ᠢᠳᠡᠪᠬᠢᠲᠡᠢ ᠪᠠᠷ ᠲᠥᠯᠬᠢᠨ ᠠᠬᠢᠭᠤᠯᠵᠤ᠂ ᠬᠠᠪᠰᠤᠷᠤᠨ ᠲᠤᠰᠠᠯᠠᠬᠤ ᠠᠵᠤ ᠠᠬᠤᠶᠢᠯᠠᠯ ᠤᠨ ᠬᠤᠣᠷ ᠬᠦᠨᠥᠭᠡᠯ ᠳᠤ ᠵᠠᠳᠠᠯᠤᠯᠲᠠ ᠬᠢᠬᠦ ᠪᠠ ᠭᠤᠤᠯᠳᠠᠯᠭ᠎ᠠ ᠲᠠᠢ ᠡᠵᠡᠮᠳᠡᠬᠦ ᠴᠢᠬ ︵HACCP︶ ᠤᠨ ᠰᠢᠰᠲ᠋ᠧᠮᠵᠢ ᠪᠠᠷ ᠥᠨᠡᠮᠰᠢᠨ ᠭᠡᠷᠡᠴᠢᠯᠡᠭᠦᠯᠬᠦ ᠪᠠ ᠢᠳᠡᠭᠡᠨ ᠤ ᠠᠮᠤᠷ ᠲᠥᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠦᠷᠨᠢᠭᠦᠯᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠠᠰᠥ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠠᠷᠢᠭᠤᠴᠠᠨ᠎ᠠ︶ ᠢᠳᠡᠭᠡᠨ ᠡᠳ᠋ᠰᠢᠭᠦᠯᠬᠦ ᠬᠥᠷᠢᠶᠡᠯᠡᠩ ᠲᠣᠭᠤᠷᠢᠭ᠂ ᠢᠳᠡᠭᠡᠨ ᠲᠥᠪᠯᠡᠷᠡᠭᠦᠯᠥᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠬᠠᠷᠠᠭᠠᠯᠵᠠᠯ ᠥᠵᠡᠭᠦᠯᠬᠦ ᠲᠥᠷᠥ ᠶᠢᠨ ᠪᠤᠳᠤᠯᠭ᠎ᠠ ᠶᠢ ᠨᠡᠶᠢᠲᠡᠯᠡᠵᠤ᠂ ᠢᠳᠡᠭᠡᠨ ᠡᠳ᠋ᠰᠢᠭᠦᠯᠬᠦ ᠵᠢᠵᠢᠭ ᠥᠢᠯᠡᠳᠭᠡᠯ ᠤᠨ ᠭᠠᠵᠠᠷ᠂ ᠢᠳᠡᠭᠡᠨ ᠤ ᠳᠡᠯᠭᠡᠭᠦᠷᠴᠢᠳ ᠤᠨ ᠬᠥᠷᠢᠶᠡᠯᠡᠩ ᠲᠣᠭᠤᠷᠢᠭ ᠪᠠ ᠵᠠᠬ᠎ᠠ ᠳᠡᠯᠭᠡᠭᠦᠷ ᠲᠤ ᠤᠷᠤᠵᠤ ᠡᠵᠡᠩᠨᠡᠬᠦ ᠶᠢ ᠬᠦᠲᠥᠯᠥᠨ ᠵᠢᠯᠤᠭᠤᠳᠴᠦ᠂ ᠲᠦᠪᠯᠡᠷᠡᠩᠭᠦᠢ ᠵᠢᠷᠤᠮᠵᠢᠭᠤᠯᠤᠨ ᠬᠠᠮᠢᠶᠠᠷᠬᠤ ᠶᠢ ᠬᠡᠷᠡᠭᠵᠢᠭᠦᠯᠥᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠬᠤᠭᠤᠯᠠ ᠤᠮᠳᠠᠭᠠᠨ ᠤ ᠥᠢᠯᠡᠰ ᠤᠨ ᠢᠳᠡᠭᠡᠨ ᠤ ᠠᠮᠤᠷ ᠲᠥᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠭᠡᠷᠡᠭᠵᠢᠭᠦᠯᠥᠨ᠂ ᠢᠨᠲ᠋ᠧᠷ ᠰᠦᠯᠵᠢᠶ᠎ᠡ ᠪᠠᠷ ᠢᠳᠡᠭᠡᠨ ᠡᠵᠡᠩᠨᠡᠬᠦ ᠠᠵᠢᠯᠯᠠᠭ᠎ᠠ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠬᠠᠮᠢᠶ᠎ᠡ ᠪᠥᠬᠦᠢ ᠪᠥᠷᠢᠯᠳᠥᠭᠦᠨ ᠨᠢᠭᠡᠴᠡ ᠬᠠᠮᠵᠢᠯᠴᠠᠨ᠎ᠠ︶ ︽ᠡᠷᠡᠭᠦᠯ ᠴᠡᠪᠡᠷ ᠠᠮᠦ ᠪᠤᠳᠠᠭ᠎ᠠ ᠲᠤᠰᠤ︾ ᠶᠢᠨ ᠬᠠᠩᠭᠠᠯᠭ᠎ᠠ ᠶᠢᠨ ᠲᠤᠤᠷ ᠰᠥᠯᠵᠢᠶ᠎ᠡ ᠶᠢᠨ ᠪᠠᠶᠢᠭᠤᠯᠤᠯᠲᠠ ᠪᠡ ᠶᠠᠰᠤ ᠴᠢᠨᠠᠷ ᠤᠨ ᠠᠮᠤᠷ ᠲᠥᠪᠰᠢᠨ ᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠮᠵᠢᠯᠴᠠᠨ᠎ᠠ︶ ᠲᠠᠷᠢᠶᠠᠯᠠᠬᠤ ᠮᠠᠯᠵᠢᠬᠤ ᠤᠷᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠭᠠᠵᠠᠷ ᠤᠷᠤᠨ ︵ᠰᠤᠷᠤᠭᠴᠢᠳ ᠲᠤ ᠵᠤᠷᠢᠭᠤᠯᠤᠭᠰᠠᠨ ᠠᠮᠠᠷᠠᠵᠤ ᠬᠤᠭᠤᠯᠯᠠᠬᠤ ᠭᠠᠵᠠᠷ ᠪᠠᠭᠲᠠᠨ᠎ᠠ︶᠂ ᠵᠢᠭᠤᠯᠴᠢᠯᠠᠯ ᠤᠨ ᠦᠵᠡᠮᠵᠢ ᠶᠢᠨ ᠤᠷᠤᠨ᠂ ᠵᠠᠮ ᠬᠠᠷᠢᠯᠴᠠᠭ᠎ᠠ ᠲᠡᠭᠡᠭᠡᠪᠥᠷᠢ ᠶᠢᠨ ᠥᠷᠳᠡᠭᠡ ᠴᠢᠬ᠂ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠣᠷᠣᠨ ᠪᠥᠰᠡ ᠶᠢᠨ ᠢᠳᠡᠭᠡᠨ ᠤ ᠠᠮᠤᠷ ᠲᠥᠪᠰᠢᠨ ᠤ ᠶᠡᠷᠥᠩᠬᠡᠶᠢᠯᠡᠨ ᠵᠠᠰᠠᠬᠤ ᠠᠵᠢᠯ ᠢ ᠳᠤᠪᠤᠶᠢᠯᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠶᠤᠯ ᠦᠭᠡᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠤ ᠥᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠣᠲᠤᠭᠠᠳᠦ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ ᠵᠢᠭᠤᠯᠴᠢᠯᠠᠯ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠥᠷᠢ ᠶᠢᠨ ᠲᠢᠩᠬᠢᠮ᠂ ᠤᠷᠤᠨ ᠰᠠᠭᠤᠴᠠ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ︶      ᠶᠢᠰᠥ᠂ ᠢᠳᠡᠭᠡᠨ ᠤ ᠠᠮᠤᠷ ᠲᠥᠪᠰᠢᠨ ᠤ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠠᠲᠤᠲᠠᠢ ᠴᠢᠩᠭᠠᠷᠠᠭᠠᠠᠤᠯᠥᠨ᠎ᠠ      ᠢᠳᠡᠭᠡᠨ ᠤ ᠠᠮᠤᠷ ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠥ᠂ ᠲᠥᠭᠰᠢᠭᠦᠷᠢ ᠶᠢ ᠬᠢᠨᠠᠨ ᠬᠡᠮᠵᠢᠵᠦ ᠥᠨᠡᠯᠡᠨ ᠵᠢᠱᠢᠬᠦ ᠡᠷᠴᠢᠮ ᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠤᠨ ᠬᠤᠭᠤᠷᠤᠨᠳᠤ᠂ ᠭᠠᠵᠠᠷ ᠤᠷᠤᠨ ᠤ ᠬᠤᠭᠤᠷᠤᠨᠳᠤ ᠪᠠᠨ ᠲᠥᠭᠰᠢᠭᠦᠷᠢ ᠶᠢ ᠬᠢᠨᠠᠨ ᠰᠢᠨᠵᠢᠬᠦ᠂ ᠥᠨᠡᠯᠡᠨ ᠵᠢᠱᠢᠬᠦ ᠪᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠰᠠᠨ ᠮᠡᠳᠡᠭᠡ ᠵᠠᠩᠬᠢ ᠶᠢ ᠬᠠᠮᠲᠤᠪᠠᠷ ᠭᠥᠷᠳᠡᠬᠦ ᠶᠢ ᠲᠦᠯᠬᠢᠨ ᠠᠬᠢᠭᠤᠯᠵᠦ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠷᠭᠡᠵᠢᠯ ᠢ ᠠᠰᠢᠭᠯᠠᠨ᠂ ᠲᠥᠭᠰᠢᠭᠦᠷᠢ ᠶᠢ ᠬᠢᠨᠠᠨ ᠰᠢᠨᠵᠢᠭᠰᠡᠨ ᠥᠷ᠎ᠡ ᠳ᠋ᠥᠩ ᠢ ᠮᠡᠳᠡᠭᠡᠯᠡᠬᠦ ᠪᠠ ᠬᠠᠮᠲᠤᠪᠡᠷ ᠵᠥᠪᠳᠡᠯᠴᠡᠵᠤ ᠰᠤᠳᠤᠯᠤᠨ ᠲᠤᠭᠲᠠᠭᠠᠬᠤ ᠶᠢ ᠴᠢᠩᠭᠠᠳᠬᠠᠨ᠂ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠮᠡᠷᠭᠡᠵᠢᠯ ᠤᠨ ᠳᠡᠮᠵᠢᠯᠬᠡ ᠬᠠᠩᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠮᠤ ᠪᠤᠳᠠᠭ᠎ᠠ ᠶᠢᠨ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠮᠵᠢᠯᠴᠠᠨ᠎ᠠ︶ ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠤᠨ ᠪᠠᠶᠢᠳᠠᠯ ᠢ ᠨᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠥᠨ᠂ ᠲᠥᠭᠰᠢᠭᠦᠷᠢ ᠶᠢ ᠬᠢᠨᠠᠨ ᠰᠢᠨᠵᠢᠬᠦ᠂ ᠵᠢᠱᠢᠨ ᠥᠨᠡᠯᠡᠬᠦ ᠪᠡ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠶᠢ ᠴᠢᠩᠭᠠᠳᠬᠠᠨ᠂ ᠰᠤᠭᠤᠴᠢᠨ ᠪᠠᠶᠢᠴᠠᠭᠠᠭᠰᠠᠨ ᠮᠡᠳᠡᠭᠡ ᠵᠠᠩᠬᠢ ᠶᠢ ᠬᠠᠤᠯᠢ ᠶᠤᠰᠤᠭᠠᠷ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ᠎ᠠ︶ ᠲᠥᠭᠰᠢᠭᠦᠷᠢ ᠶᠢ ᠱᠠᠲᠤ ᠬᠤᠪᠢᠶᠠᠨ ᠬᠢᠨᠠᠨ ᠬᠠᠮᠢᠶᠠᠷᠬᠤ ᠳᠥᠷᠢᠮ ᠢ ᠨᠠᠶᠢᠳᠠᠪᠤᠷᠢᠵᠢᠭᠤᠯᠤᠨ᠂ ᠲᠤᠷᠤᠭᠰᠢ ᠪᠠᠨ ᠨᠢᠭᠡ ᠱᠠᠲᠤ ᠶᠢ ᠬᠠᠮᠢᠶᠠᠷᠬᠤ ᠶᠤᠰᠤᠭᠠᠷ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠤ ᠪᠠᠷ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠥᠯᠲᠡᠢ ᠲᠥᠯᠥᠪᠵᠢᠭᠦᠯᠥᠨ᠂ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠢᠳᠡᠭᠡᠨ ᠳᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠠᠵᠢᠯ ᠤᠨ ᠠᠰᠠᠭᠤᠳᠠᠯ ᠢ ᠣᠯᠵᠦ ᠮᠡᠳᠡᠬᠦ ᠨᠤᠷᠮ᠎ᠠ ᠪᠠ ᠥᠯᠥ ᠬᠢᠷᠢ ᠲᠡᠩᠴᠡᠬᠦ ᠪᠥᠲᠥᠭᠡᠭᠳᠡᠭᠦᠨ ᠢ ᠬᠠᠷᠭᠤᠭᠤᠯᠤᠨ ᠪᠠᠶᠢᠴᠠᠭᠠᠵᠤ ᠰᠢᠢᠳᠪᠥᠷᠢᠯᠡᠬᠦ ᠨᠤᠷᠮ᠎ᠠ ᠶᠢ ᠳᠡᠭᠡᠭᠰᠢᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶ ᠲᠥᠭᠰᠢᠭᠦᠷᠢ ᠶᠢᠨ ᠰᠡᠷᠡᠮᠵᠢᠯᠡᠭᠦᠯᠵᠤ ᠰᠤᠯᠢᠯᠴᠠᠬᠤ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠢᠳᠡᠭᠡᠨ ᠤ ᠠᠮᠤᠷ ᠲᠥᠪᠰᠢᠨ ᠢ ᠰᠤᠭᠤᠴᠢᠨ ᠪᠠᠶᠢᠴᠠᠭᠠᠭᠰᠠᠨ ᠮᠡᠳᠡᠭᠡ ᠵᠠᠩᠬᠢ᠂ ᠲᠥᠭᠰᠢᠭᠦᠷᠢ ᠶᠢᠨ ᠰᠡᠷᠡᠮᠵᠢ ᠪᠤᠶᠤ ᠬᠡᠷᠡᠭᠯᠡᠭᠡ ᠬᠢᠬᠦ ᠰᠠᠨᠠᠭᠤᠯᠤᠮᠵᠢ ᠶᠢ ᠴᠠᠭ ᠲᠤᠬᠠᠢ ᠳᠤᠨᠢ ᠨᠡᠶᠢᠲᠡᠯᠡᠨ᠎ᠡ᠃ ᠢᠳᠡᠭᠡᠨ ᠤ ᠲᠣᠮᠦ ᠬᠡᠯᠪᠡᠷᠢ ᠶᠢᠨ ᠠᠵᠤ ᠠᠬᠤᠶᠢᠯᠠᠯ ᠤᠳ ᠤᠨ ᠲᠥᠭᠰᠢᠭᠦᠷᠢ ᠶᠢᠨ ᠪᠠᠶᠢᠳᠠᠯ ᠢᠶᠠᠨ ᠰᠤᠯᠢᠯᠴᠠᠬᠤ ᠶᠢ ᠰᠥᠪᠡᠭᠴᠢᠯᠡᠨ ᠥᠷᠨᠢᠭᠦᠯᠵᠤ᠂ ᠴᠢᠬᠤᠯᠠ ᠮᠡᠳᠡᠭᠡ ᠵᠠᠩᠬᠢ ᠶᠢ ᠰᠢᠭᠤᠳ ᠮᠡᠳᠡᠭᠦᠯᠬᠦ ᠳᠥᠷᠢᠮ ᠪᠠ ᠰᠥᠯᠵᠢᠶ᠎ᠡ ᠪᠠᠷ ᠰᠢᠭᠤᠳ ᠮᠡᠳᠡᠭᠡᠯᠡᠬᠦ ᠶᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠶᠠᠷᠢᠶ᠎ᠡ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠵᠤ ᠰᠡᠷᠡᠮᠵᠢᠯᠡᠭᠦᠯᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠥᠪᠰᠢᠨ ᠤ ᠭᠡᠨᠡᠳᠲᠡ ᠶᠢᠨ ᠬᠡᠷᠡᠭ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢ ᠱᠠᠭᠠᠷᠳᠠᠯᠭ᠎ᠠ ᠶᠤᠰᠤᠭᠠᠷ ᠵᠤᠬᠢᠶᠠᠨ ᠪᠠᠶᠢᠭᠤᠯᠤᠨ ᠥᠷᠨᠢᠭᠦᠯᠥᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠮᠤ ᠪᠤᠳᠠᠭᠠᠨ ᠤ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠮᠵᠢᠯᠴᠠᠨ᠎ᠠ︶ ᠴᠢᠬᠤᠯᠠ ᠶᠡᠭᠡ ᠠᠵᠢᠯᠯᠠᠭ᠎ᠠ ᠶᠢᠨ ᠲᠠᠯ᠎ᠠ ᠪᠠᠷ ᠬᠢ ᠢᠳᠡᠭᠡᠨ ᠤ ᠠᠮᠤᠷ ᠲᠥᠪᠰᠢᠨ ᠢ ᠪᠠᠲᠤᠯᠠᠬᠤ ᠠᠵᠢᠯ ᠤᠨ ᠲᠥᠰᠥᠯ ᠢ ᠲᠡᠭᠦᠯᠳᠡᠷᠵᠢᠭᠦᠯᠥᠨ᠂ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠪᠠᠶᠠᠷ ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠥᠪᠰᠢᠨ ᠢ ᠪᠥᠬᠦ ᠬᠥᠴᠥᠨ ᠢᠶᠠᠷ ᠢᠶᠠᠨ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠬᠤᠯᠪᠤᠭᠳᠠᠯ ᠪᠥᠬᠦᠢ ᠨᠢᠭᠡᠴᠡ ᠯᠦᠭᠡ ᠬᠠᠮᠲᠤᠷᠠᠨ ᠬᠠᠷᠢᠭᠤᠴᠠᠨ᠎ᠠ︶ ᠭᠠᠳᠠᠭᠠᠳᠦ ᠠᠴᠠ ᠤᠷᠤᠭᠤᠯᠵᠤ ᠭᠠᠳᠠᠭᠠᠳᠦ ᠳᠤ ᠭᠠᠷᠭᠠᠬᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠥᠲᠥᠭᠡᠭᠳᠡᠭᠦᠨ᠂ ᠢᠳᠡᠭᠡᠨ ᠪᠡ ᠲᠡᠵᠢᠭᠡᠯ ᠪᠤᠷᠳᠤᠭ᠎ᠠ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠬᠠᠮᠢᠶ᠎ᠠ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠥᠷᠢᠮ ᠢ ᠴᠢᠩᠭ᠎ᠠ ᠬᠡᠷᠡᠭᠵᠢᠭᠦᠯᠥᠨ᠂ ᠭᠠᠳᠠᠭᠠᠲᠤ ᠠᠴᠠ ᠤᠷᠤᠭᠤᠯᠬᠤ ᠢᠳᠡᠭᠡᠨ ᠳᠤ ᠠᠮᠤᠷ ᠲᠥᠪᠰᠢᠨ ᠪᠥᠭᠡᠳ ᠬᠠᠨᠤᠮᠵᠢᠲᠠᠢ ᠪᠠᠶᠢᠬᠤ ᠢᠨᠵᠧᠨᠧᠷᠢᠩ ᠤᠨ ᠪᠠᠶᠢᠭᠤᠯᠤᠯᠲᠠ ᠶᠢ ᠭᠥᠨᠵᠡᠭᠡᠢ ᠥᠷᠨᠢᠭᠦᠯᠥᠨ᠎ᠡ᠃ ᠲᠥᠭᠰᠢᠭᠦᠷᠢ ᠶᠡᠬᠡᠲᠠᠢ᠂ ᠶᠡᠬᠡᠪᠡᠷ ᠠᠩᠬᠠᠷᠤᠯ ᠲᠠᠯᠪᠢᠵᠦ ᠪᠠᠶᠢᠭ᠎ᠠ ᠭᠠᠳᠠᠭᠠᠲᠤ ᠠᠴᠠ ᠤᠷᠤᠭᠤᠯᠬᠤ ᠢᠳᠡᠭᠡᠨ ᠳᠤ ᠬᠢᠨᠠᠯᠲᠠ ᠬᠠᠮᠢᠶᠠᠷᠤᠯᠲᠠ ᠶᠢ ᠥᠨᠡᠨᠬᠦ ᠴᠢᠩᠭᠠᠳᠬᠠᠨ᠂ ᠭᠠᠳᠠᠭᠠᠳᠦ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠢᠳᠡᠭᠡᠨ᠂ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠪᠠ ᠲᠡᠵᠢᠭᠡᠯ ᠪᠤᠷᠳᠤᠭ᠎ᠠ ᠶᠢᠨ ᠠᠮᠤᠷ ᠲᠥᠪᠰᠢᠨ ᠳᠤ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠡ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ︵ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠷᠢᠭᠤᠴᠠᠨ᠎ᠠ︶      ᠠᠷᠪᠠ᠂ ᠢᠳᠡᠭᠡᠨ ᠤ ᠠᠮᠤᠷ ᠲᠥᠪᠰᠢᠨ ᠤ ᠬᠠᠤᠯᠢ ᠠᠴᠠ ᠵᠥᠷᠢᠴᠡᠭᠰᠡᠨ ᠶᠠᠯ᠎ᠡ ᠳᠤ ᠬᠦᠴᠥᠲᠠᠢ ᠴᠤᠬᠢᠯᠲᠠ ᠥᠭᠭᠦᠨ᠎ᠡ      ᠢᠳᠡᠭᠡᠨ ᠪᠠ ᠲᠡᠵᠢᠭᠡᠯ ᠪᠤᠷᠳᠤᠭ᠎ᠠ ᠳᠤ ᠨᠠᠮᠡᠯᠲᠠ ᠡᠳ᠋ ᠢ ᠬᠠᠤᠯᠢ ᠪᠤᠰᠤ ᠪᠠᠷ ᠨᠠᠮᠡᠬᠦ ᠪᠠ ᠨᠡᠮᠡᠯᠲᠡ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠨᠢ ᠬᠡᠳᠥᠷᠡᠲᠡᠯ᠎ᠡ ᠬᠡᠷᠡᠭᠯᠡᠬᠦ᠂ ᠲᠠᠷᠢᠶᠠᠨ ᠤ ᠪᠠ ᠮᠠᠯ ᠤᠨ ᠡᠮ ᠢ ᠳᠤᠷ᠎ᠠ ᠪᠠᠷ ᠬᠡᠷᠡᠭᠯᠡᠬᠦ᠂ ᠬᠤᠳᠠᠯ ᠬᠠᠭᠤᠷᠮᠠᠭ ᠢᠳᠡᠭᠡᠨ ᠦᠢᠯᠡᠳᠴᠦ ᠪᠤᠷᠤᠯᠠᠭᠤᠯᠬᠤ᠂ ᠬᠤᠪᠢ ᠪᠠᠷ ᠢᠶᠠᠨ ᠲᠤᠷ᠎ᠡ ᠪᠠᠷ ᠨᠢᠲᠤᠯᠬᠤ᠂ ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠢᠳᠡᠭᠡᠨ ᠤ ᠵᠠᠷ ᠲᠠᠷᠬᠠᠭᠠᠬᠤ᠂ ᠢᠳᠡᠭᠡᠨ ᠭᠤᠶᠠᠴᠢᠯᠠᠬᠤ ᠵᠡᠷᠭᠡ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠥᠪᠰᠢᠨ ᠤ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠥ ᠶᠢᠨ ᠬᠡᠷᠡᠭ ᠤᠨ ᠬᠠᠤᠯᠢ ᠴᠠᠭᠠᠵᠠ ᠪᠠᠷ ᠰᠢᠢᠳᠪᠥᠷᠢᠯᠡᠬᠦ ᠶᠢ ᠵᠤᠯᠭᠠᠭᠤᠯᠬᠤ ᠲᠤᠭᠲᠠᠴᠠ ᠶᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠬᠠᠤᠯᠢ ᠠᠴᠠ ᠵᠥᠷᠢᠴᠡᠭᠰᠡᠨ ᠶᠠᠯᠠᠲᠦ ᠬᠡᠷᠡᠭ ᠤᠨ ᠭᠡᠷᠡᠴᠢ ᠠᠪᠬᠤ᠂ ᠰᠢᠯᠵᠢᠭᠦᠯᠥᠨ ᠬᠥᠷᠭᠡᠬᠦ᠂ ᠭᠥᠨᠳᠥ ᠪᠠᠷ ᠶᠠᠯᠠᠯᠠᠬᠤ ᠵᠢᠴᠢ ᠬᠢᠨᠠᠨ ᠲᠤᠭᠲᠠᠭᠠᠯᠲᠠ ᠬᠢᠬᠦ ᠵᠠᠷᠤᠳᠠᠯ᠂ ᠰᠢᠯᠭᠠᠭᠨ ᠪᠠᠶᠢᠴᠠᠭᠠᠭᠰᠠᠨ ᠥᠷ᠎ᠡ ᠳ᠋ᠥᠩ ᠬᠢᠵᠦ ᠭᠠᠷᠭᠠᠬᠤ᠂ ᠬᠡᠷᠡᠭ ᠲᠤ ᠬᠤᠯᠪᠤᠭᠳᠠᠭᠰᠠᠨ ᠪᠥᠲᠥᠭᠡᠭᠳᠡᠭᠦᠨ ᠢ ᠰᠢᠢᠳᠪᠥᠷᠢᠯᠡᠬᠦ ᠵᠡᠷᠭᠡ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠪᠥᠲᠥᠮᠵᠢᠲᠡᠢ ᠰᠢᠢᠳᠪᠥᠷᠢᠯᠡᠨ᠎ᠡ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠶᠠᠯᠠᠲᠦ ᠭᠡᠷᠡᠭ ᠤᠨ ᠮᠡᠳᠡᠭᠡ ᠵᠠᠩᠬᠢ ᠶᠢ ᠨᠡᠶᠢᠲᠡᠯᠡᠬᠦ ᠳᠥᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠰᠢᠳᠭᠡᠨ ᠲᠣᠷᠭᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠭᠡᠮ ᠳᠤ ᠨᠠᠶᠢᠲᠡᠯᠡᠨ᠂ ᠨᠠᠶᠢᠲᠠ ᠤᠯᠠᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠤ ᠥᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠲᠣᠲᠤᠭᠠᠳᠦ ᠶᠢ ᠬᠠᠮᠠᠭᠠᠯᠠᠬᠤ ᠲᠢᠩᠬᠢᠮ᠂ ᠬᠥᠬᠡᠬᠤᠲᠠ ᠪᠤᠭᠤᠮᠲᠠ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠢᠳᠡᠭᠡᠨ ᠤ ᠠᠮᠤᠷ ᠲᠥᠪᠰᠢᠨ ᠳᠤ ᠠᠮᠠᠯᠳᠤᠯᠭ᠎ᠠ ᠬᠢᠬᠦ ᠠᠵᠢᠯᠯᠠᠭ᠎ᠠ ᠶᠢ ᠥᠷᠨᠢᠭᠦᠯᠵᠤ᠂ ᠢᠳᠡᠭᠡᠨ ᠤ ᠠᠮᠤᠷ ᠲᠥᠪᠰᠢᠨ ᠤ ᠢᠲᠡᠭᠡᠮᠵᠢ ᠪᠠᠨ ᠬᠠᠮᠲᠤᠷᠠᠨ ᠪᠠᠲᠤᠯᠠᠬᠤ ᠶᠢ ᠤᠷᠮᠠᠰᠢᠭᠤᠯᠬᠤ ᠪᠠ ᠢᠲᠡᠭᠡᠯ ᠢᠶᠠᠨ ᠠᠯᠳᠠᠪᠠᠯ ᠬᠠᠮᠲᠤᠪᠠᠷ ᠵᠠᠯᠬᠠᠭᠠᠨ ᠴᠡᠭᠡᠷᠯᠡᠭᠦᠯᠬᠦ ᠲᠤᠭᠲᠠᠴᠠ ᠶᠢ ᠲᠡᠭᠦᠯᠳᠡᠷᠵᠢᠭᠦᠯᠥᠨ᠂ ᠬᠠᠮᠲᠤᠷᠠᠨ ᠱᠠᠩᠨᠠᠵᠤ ᠵᠠᠯᠬᠠᠭᠠᠬᠤ ᠨᠡᠷᠡᠰ ᠢ ᠲᠤᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ ᠠᠴᠠ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠡ ᠮᠡᠳᠡᠭᠡ ᠵᠠᠩᠬᠢᠵᠢᠯᠲᠠ ᠶᠢᠨ ᠵᠥᠪᠯᠡᠯ᠂ ᠠᠵᠤ ᠥᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠥᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠥᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠷᠢᠭᠤᠴᠠᠨ᠎ᠠ︶      ᠠᠷᠪᠠᠨ ᠨᠢᠭᠡ᠂ ᠢᠳᠡᠭᠡᠨ ᠤ ᠠᠵᠤ ᠥᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ ᠲᠥᠯᠬᠢᠨ ᠠᠬᠢᠭᠤᠯᠤᠨ᠎ᠡ      ᠲᠠᠷᠢᠵᠤ ᠲᠡᠵᠢᠭᠡᠬᠦ ᠶᠢᠨ ᠪᠥᠲᠥᠴᠡ ᠳᠤ ᠲᠤᠬᠢᠷᠠᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠂ ᠴᠢᠨᠠᠷ ᠰᠠᠶᠢᠲᠠᠢ᠂ ᠠᠮᠤᠷ ᠲᠥᠪᠰᠢᠨ ᠪᠡ ᠪᠤᠬᠢᠷᠳᠤᠯ ᠥᠭᠡᠢ ᠪᠠᠶᠢᠯᠭᠠᠬᠤ ᠵᠢᠯᠤᠭᠤᠳᠤᠮᠵᠢ ᠶᠢ ᠳᠤᠪᠤᠶᠢᠯᠭᠠᠨ᠂ ︽ᠬᠤᠶᠠᠷ ᠪᠦᠲᠥᠭᠡᠭᠳᠡᠭᠦᠨ ᠨᠢᠭᠡ ᠢᠳᠡᠭᠡᠨ ᠨᠢᠭᠡ ᠲᠡᠮᠳᠡᠭ︾ ︵ᠨᠡᠶᠢᠲᠡ ᠳᠤ ᠬᠤᠤᠷᠳᠠᠭᠳᠠᠯ ᠥᠭᠡᠢ ᠲᠠᠷᠢᠶᠠᠯᠠᠩ ᠤᠨ ᠪᠥᠲᠥᠭᠡᠭᠳᠡᠭᠦᠨ᠂ ᠪᠤᠬᠢᠷᠲᠤᠯ ᠥᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠥᠲᠥᠭᠡᠭᠳᠡᠭᠦᠨ ᠪᠠ ᠲᠠᠷᠢᠶᠠᠯᠠᠩ ᠤᠨ ᠪᠥᠲᠥᠭᠡᠭᠳᠡᠭᠦᠨ ᠤ ᠭᠠᠵᠠᠷ ᠵᠥᠢ ᠶᠢᠨ ᠲᠡᠮᠳᠡᠭ︶ ᠪᠦᠬᠦᠢ ᠰᠠᠭᠤᠷᠢᠨ ᠭᠠᠵᠠᠷ ᠤᠨ ᠪᠦᠲᠥᠭᠡᠨ ᠪᠠᠶᠢᠭᠤᠯᠤᠯᠲᠠ ᠶᠢ ᠬᠦᠴᠥᠯᠡᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠲᠤᠷᠠᠨ ᠬᠠᠷᠢᠭᠤᠴᠠᠨ᠎ᠠ︶ ᠢᠳᠡᠭᠡᠨ ᠤ ᠠᠵᠤ ᠥᠢᠯᠡᠰ ᠢ ᠡᠷᠡᠭᠦᠯ ᠢᠶᠠᠷ ᠬᠥᠭᠵᠢᠭᠦᠯᠬᠦ ᠶᠢᠨ ᠬᠡᠷᠡᠭᠵᠢᠭᠦᠯᠬᠦ ᠰᠠᠨᠠᠯ ᠢ ᠰᠤᠳᠤᠯᠤᠨ ᠲᠤᠭᠲᠠᠭᠠᠵᠤ᠂ ᠨᠢᠷᠠᠢ ᠨᠢᠯᠬ᠎ᠠ ᠬᠡᠤᠬᠡᠳ ᠲᠤ ᠵᠤᠷᠢᠭᠤᠯᠤᠭᠰᠠᠨ ᠨᠠᠶᠢᠷᠠᠯᠭ᠎ᠠ ᠲᠠᠢ ᠰᠥᠨ ᠲᠠᠯᠬ᠎ᠠ ᠶᠢᠨ ᠠᠵᠤ ᠠᠬᠤᠶᠢᠯᠠᠯ ᠤᠳ ᠤᠨ ᠨᠠᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠦ᠂ ᠢᠳᠡᠭᠡᠨ ᠤ ᠠᠵᠤ ᠥᠢᠯᠡᠰ ᠤᠨ ᠪᠦᠲᠥᠴᠡ ᠪᠠᠨ ᠲᠤᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠥᠯᠬᠢᠨ ᠠᠬᠢᠭᠤᠯᠤᠨ᠎ᠠ᠃ ᠢᠳᠡᠭᠡᠨ ᠡᠳ᠋ᠰᠢᠭᠦᠯᠬᠦ ᠠᠵᠤ ᠥᠢᠯᠡᠰ ᠤᠨ ᠰᠥᠷᠥᠭᠵᠢᠯ ᠢ ᠢᠳᠡᠪᠬᠢᠲᠡᠢ ᠪᠣᠢ ᠪᠣᠯᠭᠠᠨ᠂ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠳ ᠢ ᠬᠦᠲᠥᠯᠥᠨ ᠵᠢᠯᠤᠭᠤᠳᠴᠦ ᠪᠠᠶᠢᠭᠠᠳ ᠭᠤᠤᠯ ᠭᠠᠷᠤᠯᠲᠠ ᠶᠢᠨ ᠤᠷᠤᠨ᠂ ᠳᠠᠪᠠᠭᠤᠯᠢᠭ ᠭᠠᠷᠤᠯᠲᠠ ᠶᠢᠨ ᠤᠷᠤᠨ᠂ ᠠᠵᠤ ᠥᠢᠯᠡᠰ ᠤᠨ ᠬᠥᠷᠢᠶᠡᠯᠡᠩ ᠲᠣᠭᠤᠷᠢᠭ ᠲᠡᠰᠢ ᠲᠦᠪᠯᠡᠷᠡᠭᠦᠯᠥᠨ᠂ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠵᠥᠢᠯ ᠢᠶᠠᠨ ᠨᠡᠮᠡᠭᠳᠡᠭᠦᠯᠬᠦ᠂ ᠶᠠᠰᠤ ᠴᠢᠨᠡᠷ ᠢᠶᠠᠨ ᠳᠡᠭᠡᠭᠰᠢᠯᠡᠭᠦᠯᠬᠦ᠂ ᠨᠡᠷᠡᠲᠥ ᠲᠥᠷᠥᠯ ᠲᠡᠮᠳᠡᠭ ᠡᠭᠦᠳᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠠᠵᠢᠯ ᠲᠥᠷᠥᠯ ᠳᠤ ᠵᠥᠪᠰᠢᠶᠡᠷᠡᠨ ᠤᠷᠤᠭᠤᠯᠬᠤ ᠶᠢ ᠴᠢᠩᠳᠠᠯᠠᠨ᠂ ︽ᠥᠢᠯᠡᠳᠪᠥᠷᠢᠯᠡᠯ ᠤᠨ ᠰᠠᠭᠤᠷᠢᠨ ᠭᠠᠵᠠᠷ + ᠲᠥᠪᠯᠡᠷᠡᠯᠲᠤ ᠲᠤᠭᠤᠭᠠᠨ ᠭᠡᠷ + ᠬᠤᠭᠤᠯᠠ ᠤᠮᠳᠠᠭᠠᠨ ᠤ ᠳᠡᠯᠭᠡᠭᠦᠷ︾᠂ ︽ᠥᠢᠯᠡᠳᠪᠥᠷᠢᠯᠡᠯ ᠤᠨ ᠰᠠᠭᠤᠷᠢᠨ ᠭᠠᠵᠠᠷ + ᠡᠳ᠋ᠰᠢᠭᠦᠯᠬᠦ ᠠᠵᠤ ᠠᠬᠤᠶᠢᠯᠠᠯ + ᠬᠤᠳᠠᠯᠳᠤᠭᠠᠨ ᠤ ᠲᠠᠯᠠᠪᠠᠢ ᠳᠠᠬᠢ ᠬᠡᠲᠦ ᠳᠡᠯᠭᠡᠭᠦᠷ ᠢᠶᠠᠷ ᠪᠤᠷᠤᠯᠠᠭᠤᠯᠬᠤ︾ ᠵᠡᠷᠭᠡ ᠥᠢᠯᠡᠳᠪᠥᠷᠢᠯᠡᠵᠦ ᠪᠤᠷᠤᠯᠠᠭᠤᠯᠬᠤ ᠵᠠᠭᠪᠤᠷ ᠢ ᠳᠡᠯᠭᠡᠷᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠬᠤᠭᠤᠯᠠ ᠪᠤᠳᠠᠭᠠᠨ ᠤ ᠬᠠᠶᠠᠭᠳᠠᠮᠠᠯ ᠰᠢᠭᠠᠷᠤ᠂ ᠡᠳ᠋ᠰᠢᠭᠦᠯᠤᠭ᠍ᠰᠡᠨ ᠮᠢᠬᠠᠨ ᠤ ᠵᠥᠢᠯ ᠤᠨ ᠬᠠᠶᠠᠭᠳᠠᠮᠠᠯ ᠪᠠ ᠮᠠᠯ ᠵᠢᠭᠦᠷᠲᠡᠨ ᠤ ᠬᠢᠷᠢ ᠲᠡᠩᠴᠡᠬᠦ ᠥᠭᠡᠢ ᠪᠥᠲᠥᠭᠡᠭᠳᠡᠭᠦᠨ ᠢ ᠡᠬᠢ ᠪᠠᠶᠠᠯᠢᠬᠵᠢᠭᠤᠯᠤᠨ ᠠᠰᠢᠭᠯᠠᠬᠤ ᠪᠠ ᠬᠤᠤᠷ ᠦᠭᠡᠶᠢᠲᠡᠭᠦᠯᠥᠨ ᠰᠢᠢᠳᠪᠥᠷᠢᠯᠡᠬᠦ ᠶᠢ ᠴᠢᠩᠭᠠᠳᠬᠠᠨ᠂ ᠬᠤᠤᠷ ᠦᠭᠡᠶᠢᠲᠡᠭᠦᠯᠬᠦ ᠪᠠᠷᠢᠮᠵᠢᠶ᠎ᠠ ᠶᠣᠰᠤᠭᠠᠷ ᠰᠢᠢᠳᠪᠥᠷᠢᠯᠡᠬᠦ ᠥᠢᠯᠡᠳᠪᠥᠷᠢ ᠶᠢᠨ ᠪᠦᠲᠥᠭᠡᠨ ᠪᠠᠶᠢᠭᠤᠯᠤᠯᠲᠠ ᠶᠢ ᠲᠦᠯᠭᠢᠨ ᠠᠬᠢᠭᠤᠯᠵᠦ᠂ ︽ᠬᠠᠶᠠᠭᠳᠠᠮᠠᠯ ᠲᠤᠰᠤ︾ ᠶᠢ ᠬᠤᠭᠤᠯᠠ ᠤᠮᠳᠠᠭᠠᠨ ᠳᠤ ᠬᠡᠷᠡᠭᠯᠡᠬᠦ ᠶᠢ ᠴᠢᠩᠭ᠎ᠠ ᠰᠡᠷᠭᠡᠶᠢᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ ᠬᠠᠮᠵᠢᠯᠴᠠᠨ᠎ᠠ︶ ᠬᠥᠢᠲᠡᠨ ᠬᠡᠯᠬᠢᠶᠡᠲᠥ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠬᠥᠴᠥᠨ ᠪᠠ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠵᠤᠷᠢᠬᠵᠢᠭᠤᠯᠵᠤ ᠢᠳᠡᠭᠡᠨ ᠤ ᠬᠥᠢᠲᠡᠨ ᠬᠡᠯᠬᠢᠶᠡᠲᠥ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠪᠦᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠤᠷᠤᠨ ᠤ ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠮᠵᠢᠯᠴᠠᠨ᠎ᠠ︶      ᠠᠷᠪᠠᠨ ᠬᠤᠶᠠᠷ᠂ ᠢᠳᠡᠭᠡᠨ ᠤ ᠠᠮᠤᠷ ᠲᠥᠪᠰᠢᠨ ᠢ ᠨᠡᠶᠢᠭᠡᠮ ᠢᠶᠠᠷ ᠢᠶᠠᠨ ᠬᠠᠮᠲᠦᠪᠡᠷ ᠵᠠᠰᠠᠬᠤ ᠲᠥᠯᠥᠪ ᠪᠠᠶᠢᠳᠠᠯ ᠢ ᠨᠢᠮᠪᠠᠢ ᠴᠣᠭᠴᠠᠯᠠᠨ ᠪᠠᠶᠢᠭᠤᠯᠤᠨ᠎ᠠ      ᠵᠠᠰᠠᠭ ᠤᠨ ᠤᠷᠳᠤᠨ᠂ ᠰᠠᠯᠠᠭ᠎ᠠ ᠮᠥᠴᠢᠷ᠂ ᠠᠵᠤ ᠠᠬᠤᠶᠢᠯᠠᠯ ᠪᠠ ᠠᠵᠢᠯ ᠲᠥᠷᠥᠯ ᠤᠨ ᠵᠤᠬᠢᠶᠠᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠨ᠂ ᠢᠯᠡᠴᠢᠯᠡᠨ ᠵᠠᠭᠠᠯᠳᠤᠵᠤ ᠮᠡᠳᠡᠭᠦᠯᠬᠦ ᠰᠢᠰᠲ᠋ᠧᠮᠵᠢ ᠶᠢ ᠪᠥᠷᠢᠨᠰᠢᠭᠦᠯᠵᠤ᠂ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠥᠨ᠂ ᠢᠯᠡᠴᠢᠯᠡᠨ ᠵᠠᠭᠠᠯᠳᠤᠵᠤ ᠮᠡᠳᠡᠭᠦᠯᠥᠭᠰᠡᠨ ᠳᠤ ᠱᠠᠩᠨᠠᠬᠤ ᠳᠥᠷᠢᠮ ᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠥᠪᠰᠢᠨ ᠤ ᠠᠵᠢᠯ ᠳᠤ ᠨᠡᠶᠢᠭᠡᠮ ᠨᠡᠶᠢᠲᠡ ᠪᠠᠷ ᠢᠶᠠᠨ ᠢᠳᠡᠪᠬᠢᠲᠡᠢ ᠤᠷᠤᠯᠴᠠᠬᠤ ᠶᠢ ᠵᠤᠷᠢᠬᠵᠢᠭᠤᠯᠤᠨ᠎ᠠ᠃ ᠵᠠᠭᠤᠴᠢᠯᠠᠭᠤᠷ ᠯᠤᠭ᠎ᠠ ᠨᠡᠪᠲᠡᠷᠡᠯᠴᠡᠨ ᠬᠠᠮᠵᠢᠯᠴᠠᠬᠤ ᠲᠤᠭᠲᠠᠴᠠ ᠶᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠰᠤᠨᠢᠨ ᠮᠡᠳᠡᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠯ᠎ᠡ ᠲᠥᠷᠥᠯ ᠤᠨ ᠵᠠᠭᠤᠴᠢᠯᠠᠭᠤᠷ ᠤᠳ ᠤᠨ ᠪᠥᠬᠦ ᠲᠠᠯ᠎ᠠ ᠪᠠᠷ ᠤᠬᠠᠭᠤᠯᠤᠨ ᠮᠡᠳᠡᠭᠡᠯᠡᠬᠦ ᠶᠢ ᠳᠡᠮᠵᠢᠵᠤ᠂ ᠶᠠᠷᠢᠶ᠎ᠠ ᠬᠡᠯᠡᠯᠴᠡᠭᠡᠨ ᠢᠶᠠᠷ ᠬᠢᠨᠠᠯᠲᠠ ᠲᠠᠯᠪᠢᠬᠤ ᠶᠢ ᠥᠷᠨᠢᠭᠦᠯᠥᠨ᠎ᠡ᠃ ᠰᠢᠨᠵᠢᠯᠡᠬᠦ ᠤᠭᠬᠠᠭᠠᠨ ᠲᠥᠭᠡᠮᠡᠯᠵᠢᠭᠦᠯᠬᠦ ᠲᠤᠤᠷ ᠴᠢᠬ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠰᠢᠨᠵᠢᠯᠡᠬᠦ ᠤᠭᠬᠠᠭᠠᠨ ᠲᠥᠭᠡᠮᠡᠯᠵᠢᠭᠦᠯᠬᠦ ᠠᠵᠢᠯ ᠤᠨ ᠡᠩᠨᠡᠭᠡ ᠶᠢᠨ ᠪᠠᠶᠢᠭᠤᠯᠤᠯᠲᠠ ᠪᠡ ᠵᠢᠱᠢᠶ᠎ᠡ ᠥᠵᠡᠭᠦᠯᠵᠤ ᠴᠤᠭᠴᠠᠯᠠᠨ ᠪᠠᠶᠢᠭᠤᠯᠬᠤ ᠶᠢ ᠲᠥᠯᠬᠢᠨ ᠠᠬᠢᠭᠤᠯᠵᠤ᠂ ᠢᠳᠡᠭᠡᠨ ᠤ ᠠᠮᠤᠷ ᠲᠥᠪᠰᠢᠨ ᠤ ᠬᠥᠮᠥᠵᠢᠯ ᠢ ᠰᠤᠷᠭᠠᠭᠤᠯᠢ ᠶᠢᠨ ᠰᠤᠷᠭᠠᠨ ᠬᠦᠮᠥᠵᠢᠯ ᠤᠨ ᠵᠢᠭᠠᠨ ᠰᠤᠷᠭᠠᠬᠤ ᠪᠠ ᠠᠮᠤᠷ ᠲᠥᠪᠰᠢᠨ ᠤ ᠰᠤᠷᠭᠠᠨ ᠬᠦᠮᠥᠵᠢᠯ ᠳᠤ ᠤᠷᠤᠭᠤᠯᠤᠨ᠂ ᠢᠳᠡᠭᠡᠨ ᠤ ᠠᠮᠤᠷ ᠲᠥᠪᠰᠢᠨ ᠤ ᠲᠠᠯ᠎ᠠ ᠪᠠᠷ ᠬᠢ ᠨᠡᠶᠢᠲᠠ ᠤᠯᠠᠨ ᠤ ᠰᠢᠨᠵᠢᠯᠡᠬᠦ ᠤᠬᠠᠭᠠᠨᠴᠢ ᠬᠡᠪ ᠪᠤᠯᠪᠠᠰᠤᠷᠠᠯ ᠢ ᠳᠡᠭᠡᠭᠰᠢᠯᠡᠭᠦᠯᠥᠨ᠎ᠡ᠃ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠲᠠ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠢᠳᠡᠭᠡᠨ ᠥᠢᠯᠡᠳᠪᠥᠷᠢᠯᠡᠵᠦ ᠡᠵᠡᠩᠨᠡᠭᠴᠢᠳ ᠢ ᠬᠦᠲᠥᠯᠥᠨ ᠵᠢᠯᠤᠭᠤᠳᠬᠤ ᠪᠠ ᠰᠢᠮᠳᠠᠭᠤᠯᠵᠦ ᠪᠠᠶᠢᠭᠠᠳ ᠬᠠᠤᠯᠢ ᠪᠠ ᠳᠥᠷᠢᠮ ᠢ ᠴᠢᠩᠭ᠎ᠠ ᠵᠢᠷᠤᠮᠯᠠᠭᠤᠯᠤᠨ ᠦᠢᠯᠡᠳᠪᠥᠷᠢᠯᠡᠵᠦ ᠡᠵᠡᠩᠨᠡᠭᠦᠯᠥᠨ᠎ᠡ᠃ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠳᠡᠯᠭᠡᠷᠡᠭᠦᠯᠥᠨ᠂ ᠢᠳᠡᠭᠡᠨ ᠥᠢᠯᠡᠳᠪᠥᠷᠢᠯᠡᠵᠦ ᠡᠵᠡᠩᠨᠡᠬᠦ ᠠᠵᠤ ᠠᠬᠤᠶᠢᠠᠯᠯ ᠢ ᠵᠤᠷᠢᠬᠵᠢᠭᠤᠯᠵᠤ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠭᠤᠯᠤᠨ᠎ᠠ᠃ 2017 ᠤᠨ ᠤ ︽ᠢᠳᠡᠭᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠭᠠᠷᠠᠭ︾ ᠭᠤᠤᠯ ᠰᠡᠳᠤᠪᠲᠥ ᠬᠦᠮᠥᠵᠢᠯ ᠤᠨ ᠠᠵᠢᠯᠯᠠᠭ᠎ᠠ ᠥᠷᠨᠢᠭᠦᠯᠥᠨ᠂ ︽ᠬᠥᠮᠥᠨ ᠪᠥᠬᠦᠨ ᠠᠩᠬᠠᠷᠤᠭᠰᠠᠨ᠂ ᠬᠥᠮᠥᠨ ᠪᠥᠬᠦᠨ ᠣᠷᠣᠯᠴᠠᠭᠰᠠᠨ᠂ ᠬᠥᠮᠥᠨ ᠪᠦᠬᠦᠨ ᠬᠠᠮᠠᠭᠠᠯᠠᠭᠰᠠᠨ︾ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠠᠴᠠ ᠬᠠᠮᠢᠶ᠎ᠠ ᠪᠥᠬᠦᠢ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠲᠤᠷᠠᠨ ᠬᠠᠷᠢᠭᠤᠴᠠᠨ᠎ᠠ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号