9 ᠳ᠋ᠦ᠋ᠭᠡᠷ ᠰᠠᠷ᠎ᠠ ᠶᠢᠨ 14 ᠤ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠬᠠᠤᠯᠢ | ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠠᠬᠢᠭᠤᠯᠬᠤ ᠬᠤᠷᠠᠯ ᠬᠦᠬᠡᠬᠤᠳᠠ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠦᠬᠡᠳ ᠤᠯᠤᠰ ᠲᠦᠷᠤ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠬᠡ ᠶᠢᠨ ᠰᠢᠬᠦᠬᠦ ᠬᠤᠷᠢᠶ᠎ᠠ ᠶᠢᠨ ᠬᠤᠷᠢᠶᠠᠨ | ᠲᠠᠷᠤᠭ᠎ᠠ ᠬᠤ᠋ ᠢ ᠹᠧᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ | ᠲᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠪᠠ᠃ | ᠯᠢ ᠵᠢᠶᠠ ᠵᠢᠭᠠᠵᠤ ᠭᠠᠷᠭᠠᠬᠰᠠᠨ ᠨᠢ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ | ᠠᠬᠢᠭᠤᠯᠬᠤ ᠲᠤᠬᠠᠢ ᠨᠠᠮ ᠤᠨ ᠲᠦᠪ ᠬᠤᠷᠢᠶ᠎ᠠ ᠠᠴᠠ ᠳᠤᠳᠤᠷᠬᠠᠢ ᠴᠠᠬ ᠤᠨ ᠬᠦᠰᠤᠨᠦᠭᠳᠤ ᠪᠤᠯᠤᠨ ᠡᠬᠦᠷᠬᠡ ᠶᠢᠨ | ᠲᠦᠯᠤᠪᠯᠡᠭᠡ ᠶᠢ ᠲᠤᠷᠠᠳᠤᠨ ᠭᠠᠷᠭᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠪᠤᠳᠠᠳᠠᠢ | ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠠ᠃ ᠤᠳᠤᠬᠠᠨ ᠳᠤ᠂ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ | ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠵᠠᠢ᠃ ᠡᠯ᠎ᠠ ᠭᠠᠵᠠᠷ ᠡᠯ᠎ᠠ | ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠬᠦᠯᠤᠨ᠂ ᠶᠠᠷᠤᠩᠬᠡᠢ | ᠱᠦᠵᠢ ᠰᠢ ᠶᠢᠨ ᠫᠢᠩ ᠤᠨ ︽7 · 26︾ ᠤ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠨᠡᠶᠢᠬᠡᠮ ᠵᠢᠷᠤᠮ | ᠤᠨ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠢᠷᠢᠰ ᠴᠢᠬᠤᠯᠠ ᠵᠢᠭᠠᠪᠤᠷᠢ ᠶᠢ ᠬᠦᠨᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ | ᠭᠤᠤᠯᠯᠠᠬᠤ ᠤᠬᠠᠮᠰᠠᠷ᠂ ᠨᠢᠬᠡᠳᠤᠯᠳᠠᠢ ᠪᠠᠶᠢᠬᠤ ᠤᠬᠠᠮᠰᠠᠷ ᠢ ᠪᠠᠳᠤ ᠪᠠᠬᠢ ᠪᠤᠢ ᠪᠤᠯᠭᠠᠡᠨ᠂ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠬᠡᠷᠡᠴᠢᠯᠠᠯᠳᠠ ᠶᠢ ᠠᠬᠢᠭᠤᠯᠬᠤ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ | ᠦᠨᠡᠨᠬᠦ ᠡᠬᠦᠷᠬᠡᠯᠠᠵᠤ᠂ ᠵᠦᠪ ᠴᠢᠭᠯᠡᠯ ᠢ ᠤᠨᠤᠪᠴᠢᠳᠠᠢ ᠡᠵᠡᠮᠰᠢᠨ᠂ ᠨᠠᠮ ᠤᠨ ᠲᠦᠪ ᠬᠤᠷᠢᠶ᠎ᠠ ᠶᠢᠨ ᠶᠡᠭᠡ ᠪᠤᠳᠤᠯᠭ᠎ᠠ | ᠴᠢᠭᠯᠡᠯᠲᠡ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠲᠡᠷᠡ ᠴᠢᠭ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠡᠮᠬᠢ ᠲᠠᠷᠠᠭᠠᠯᠠᠯ ᠲᠠᠢ | ᠠᠬᠢᠭᠤᠯᠬᠤ ᠭᠡᠷᠡᠭᠳᠠᠢ ᠬᠡᠪᠡ᠃ | ᠯᠢ ᠵᠢᠶᠠ ᠴᠢᠬᠤᠯᠠᠴᠢᠯᠠᠬᠰᠠᠨ ᠨᠢ᠂ ᠡᠯ᠎ᠠ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠪᠦᠬᠦ ᠤᠯᠤᠰ ᠤᠨ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠶᠢᠨ ᠬᠡᠷᠡᠭᠴᠡᠭᠡ ᠪᠠᠷ | ᠬᠦᠲᠦᠯᠦᠭᠦᠯᠦᠨ᠂ ᠠᠰᠠᠭᠤᠳᠠᠯ ᠪᠠ ᠵᠠᠩᠬᠢᠯᠠᠭ᠎ᠠ ᠶᠢᠨ ᠴᠢᠭ᠋ ᠢ ᠰᠠᠶᠢᠳᠤᠷ ᠠᠩᠬᠠᠷᠴᠤ᠂ ᠠᠰᠠᠭᠤᠳᠠᠯ ᠢ ᠨᠢᠭᠡᠳ | ᠨᠢᠭᠡ ᠪᠠᠷ ᠰᠢᠢᠳᠪᠦᠷᠢᠯᠡᠠ᠂ ᠨᠠᠶᠢᠳᠠᠪᠤᠷᠢᠵᠢᠭᠤᠯᠤᠯᠲᠠ ᠶᠢ ᠲᠦᠷᠦᠯ ᠲᠦᠷᠦᠯ ᠢᠶᠠᠷ ᠰᠠᠶᠢᠳᠤᠷ ᠠᠳᠬᠤᠵᠤ᠂ ᠪᠦᠬᠦ | ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠪᠤᠲᠠᠲᠤ ᠴᠢᠨᠠᠷᠲᠠᠢ ᠠᠬᠢᠴᠠ ᠲᠠᠢ | ᠪᠤᠯᠬᠤ ᠶᠢ ᠠᠬᠢᠭᠤᠯᠬᠤ ᠬᠡᠷᠡᠭᠲᠡᠢ᠃ ᠦᠭᠡᠷᠡᠴᠢᠯᠡᠯᠲᠡ ᠶᠢᠨ ᠡᠭᠦᠷᠭᠡ ᠶᠢᠨ ᠪᠡᠶᠡᠯᠡᠭᠳᠡᠭᠰᠡᠨ ᠪᠠᠶᠢᠳᠠᠯ ᠢ ᠤᠯᠠᠮ | ᠴᠢᠨᠠᠬᠰᠢᠲᠠ ᠡᠮᠬᠢᠯᠡᠨ ᠪᠦᠷᠢᠳᠬᠡᠵᠦ᠂ ᠨᠢᠭᠡᠨᠲᠡ ᠲᠤᠬᠲᠠᠬᠰᠠᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠬᠳᠠᠬᠰᠠᠨ ᠪᠠᠶᠢᠳᠠᠯ ᠢ ᠦᠨᠡᠯᠡᠵᠦ᠂ ᠲᠤᠤᠱᠯᠠᠭᠤᠯᠤᠬᠳᠠᠨ ᠨᠠᠶᠢᠳᠠᠪᠤᠷᠢᠵᠢᠭᠤᠯᠤᠬᠳᠠᠭᠠᠳᠤᠢ | ᠦᠭᠡᠷᠡᠴᠢᠯᠡᠯᠲᠡ ᠶᠢᠨ ᠡᠭᠦᠷᠭᠡ ᠶᠢ ᠠᠷᠭ᠎ᠠ ᠪᠦᠬᠦᠨ ᠢ ᠰᠦᠪᠡᠭᠴᠢᠯᠡᠨ ᠨᠠᠷᠢᠯᠢᠬ ᠪᠤᠲᠠᠲᠠᠢ ᠪᠡᠶᠡᠯᠡᠭᠦᠯᠬᠦ ᠬᠡᠷᠡᠭᠲᠡᠢ᠃ | ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠦᠴᠢᠷ᠂ ᠤᠨᠴᠠᠭᠠᠢᠢᠯᠠᠨ ︽ᠨᠢᠭᠡᠳᠦᠭᠡᠷ ᠭᠠᠷ︾᠂ ᠪᠦᠬᠦ | ᠬᠦᠴᠦᠨ ᠢᠶᠠᠷ ᠢᠶᠠᠨ ᠦᠭᠡᠷᠡᠴᠢᠯᠡᠯᠲᠡ ᠶᠢ ᠠᠳᠬᠤᠠ᠂ ᠪᠡᠶ᠎ᠡ ᠪᠠᠷ ᠢᠶᠠᠨ ᠤᠷᠤᠯᠴᠠᠵᠤ ᠦᠭᠡᠷᠡᠴᠢᠯᠡᠯᠲᠡ ᠶᠢ ᠠᠳᠬᠤᠠ᠂ | ᠦᠭᠡᠷᠡᠴᠢᠯᠡᠯᠲᠡ ᠶᠢᠨ ᠳᠤᠮᠳᠠ ᠳᠤᠬᠢᠶᠠᠯᠳᠤᠬᠰᠠᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠨᠢ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ | ᠢᠳᠡᠪᠬᠢᠲᠡᠢ ᠳᠡᠮᠵᠢᠵᠦ᠂ ᠡᠯ᠎ᠠ ᠠᠶᠢᠮᠠᠬ ᠬᠤᠲᠠ ᠶᠢᠨ ᠨᠠᠮ ᠤᠨ ᠬᠤᠷᠢᠶ᠎ᠠ ᠨᠢ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠳᠠᠬᠢ ᠤᠳᠤᠷᠢᠳᠤᠯᠭ᠎ᠠ ᠪᠠᠨ ᠴᠢᠩᠭᠠᠳᠬᠠᠨ᠂ ᠪᠦᠬᠦ ᠲᠠᠯ᠎ᠠ ᠪᠠᠷ ᠬᠦᠴᠦᠯᠡᠵᠦ᠂ | ᠤᠯᠠᠨ ᠲᠠᠯ᠎ᠠ ᠠᠴᠠ ᠰᠢᠪᠲᠤᠯᠤᠨ᠂ ᠬᠦᠨᠵᠡᠭᠡᠢ ᠠᠬᠢᠭᠤᠯᠬᠤ ᠰᠠᠶᠢᠨ ᠪᠠᠶᠢᠳᠠᠯ ᠢ ᠪᠦᠷᠢᠯᠳᠦᠭᠦᠯᠬᠦ ᠶᠢ ᠬᠠᠮᠲᠤᠪᠡᠷ | ᠠᠬᠢᠭᠤᠯᠬᠤ ᠬᠡᠷᠡᠭᠲᠡᠢ ᠭᠡᠪᠠ᠃ | ᠯᠢ ᠵᠢᠶᠠ ᠱᠠᠭᠠᠷᠳᠠᠬᠰᠠᠨ ᠨᠢ᠂ ᠡᠯ᠎ᠠ ᠭᠠᠵᠠᠷ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠨᠢ | ᠦᠭᠡᠷᠡᠴᠢᠯᠡᠯᠲᠡ ᠶᠢ ᠰᠢᠮᠳᠠᠭᠤᠯᠤᠨ ᠪᠠᠶᠢᠴᠠᠭᠠᠬᠤ ︽ᠬᠤᠷᠴᠠ ᠵᠡᠪᠰᠡᠭ︾ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠠᠶᠢᠳᠤᠷ ᠨᠠᠶᠢᠳᠠᠪᠤᠷᠢᠵᠢᠭᠤᠯᠤᠬᠳᠠᠬᠤ ᠶᠢ ᠱᠠᠭᠠᠷᠳᠠᠬᠤ ᠬᠡᠷᠡᠭᠲᠡᠢ᠃ | ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠰᠠᠶᠢᠳᠤᠷ ᠠᠩᠬᠠᠷᠴᠤ᠂ ︽ᠬᠠᠳᠠᠭᠠᠰᠤ | ᠬᠠᠳᠠᠬᠤ︾ ᠵᠤᠷᠢᠬ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠦᠬᠦ ᠤᠷᠤᠨ ᠤ ᠬᠠᠤᠯᠢ | ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠡᠯ᠎ᠡ ᠲᠦᠷᠦᠯ ᠤᠨ ᠡᠭᠦᠷᠭᠡ ᠶᠢᠨ ᠪᠤᠲᠠᠲᠠᠢ ᠳᠤ | ᠨᠠᠶᠢᠳᠠᠪᠤᠷᠢᠵᠢᠭᠤᠯᠤᠬᠳᠠᠨ᠂ ᠪᠤᠲᠠᠲᠤ ᠦᠷ᠎ᠡ ᠪᠦᠲᠦᠮᠵᠢ ᠲᠠᠢ ᠪᠤᠯᠵᠤ᠂ ᠬᠤᠭᠤᠴᠠᠭ᠎ᠠ ᠶᠤᠰᠤᠭᠠᠷ ᠪᠡᠶᠡᠯᠡᠭᠳᠡᠬᠦ ᠶᠢ | ᠪᠠᠲᠤᠯᠠᠨ᠂ ᠦᠭᠡᠷᠡᠴᠢᠯᠡᠯᠲᠡ ᠶᠢᠨ ᠪᠤᠲᠠᠲᠠᠢ ᠦᠢᠯᠡ ᠠᠵᠢᠯᠯᠠᠭ᠎ᠠ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠰᠢᠯᠢᠳᠡᠭ ᠬᠢᠷᠢ ᠪᠦᠲᠦᠮᠵᠢ ᠪᠠᠷ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠲᠤᠬᠤ ᠬᠡᠷᠡᠭᠲᠡᠢ ᠭᠡᠪᠠ᠃ | ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ | ᠮᠦᠴᠢᠷ ᠤᠨ ᠡᠨᠡ ᠵᠢᠯ ᠠᠴᠠ ᠨᠠᠰᠢᠬᠢ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ | ᠠᠬᠢᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠬᠦᠯᠢᠶᠡᠨ ᠠᠪᠴᠤ | ᠰᠤᠨᠤᠰᠤᠨ᠂ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠳᠤᠮᠳᠠᠬᠢ ᠭᠤᠤᠯ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ ᠪᠤᠲᠠᠲᠠᠢ | ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠪᠠ᠃ |