ᠦᠪᠦᠷ ᠮᠤᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠳᠤᠷᠠᠯᠴᠠᠭᠠᠨ ᠤ ᠤᠷᠤᠨ ᠤ ᠲᠦᠷᠪᠡᠳᠤᠭᠡᠷ ᠬᠤᠭᠤᠴᠠᠭᠠᠨ ᠤ ᠬᠤᠯᠪᠤᠭᠠᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/9/5
     9 ᠳ᠋ᠦ᠋ᠭᠡᠷ ᠰᠠᠷ᠎ᠠ ᠶᠢᠨ 4᠎ ᠤ ᠡᠳᠤᠷ᠂ ︽ᠰᠢᠨ᠎ᠠ ᠬᠦᠳᠡᠯᠬᠡᠬᠦ ᠬᠦᠴᠦᠨ᠂ ᠰᠢᠨ᠎ᠠ ᠲᠠᠪᠠᠯᠲᠠ︾᠎ ᠪᠠᠷ ᠭᠤᠤᠯ ᠰᠡᠳᠤᠪ ᠪᠤᠯᠭᠠᠭᠰᠠᠨ ᠦᠪᠦᠷ ᠮᠤᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦᠶᠢᠡᠭ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠳᠤᠷᠠᠯᠴᠠᠭᠠᠨ ᠤ ᠤᠷᠤᠨ ᠤ ᠲᠦᠷᠪᠡᠳᠤᠭᠡᠷ ᠬᠤᠭᠤᠴᠠᠭᠠᠨ ᠤ ᠬᠤᠯᠪᠤᠭᠠᠲᠤ ᠬᠤᠷᠠᠯ  ᠤᠯᠠᠭᠠᠨᠴᠠᠪ ᠲᠤ ᠬᠤᠷᠠᠯᠳᠤᠪᠠ᠃ ᠬᠤᠷᠠᠯ ᠳᠡᠭᠡᠷ᠎ᠡ᠂ ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ ᠭᠤᠷᠪᠠᠨ ᠲᠠᠯ᠎ᠠ ᠪᠠᠷ ᠢᠶᠠᠨ 6 ᠵᠤᠶᠢᠯ ᠳᠤ ᠰᠠᠨᠠᠯ ᠨᠢᠭᠡᠳᠴᠤ᠂ 14 ᠠᠵᠤ ᠠᠬᠤᠢ ᠶᠢᠨ ᠬᠦᠭᠵᠢᠯᠲᠡ ᠶᠢᠨ ᠬᠠᠮᠢᠶ᠎ᠠ ᠪᠦᠬᠦᠢ ᠬᠡᠯᠡᠯᠴᠡᠭᠡᠷ ᠲᠤᠭᠲᠠᠭᠰᠠᠨ ᠪᠠᠶᠢᠨ᠎ᠠ᠃ ᠦᠪᠦᠷ ᠮᠤᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶᠎ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠳᠤᠷᠠᠯᠴᠠᠭᠠᠨ ᠤ ᠤᠷᠤᠨ ᠨᠢ ᠪᠦᠬᠦ ᠤᠯᠤᠰ ᠤᠨ ᠠᠩᠬᠠᠳᠠᠭᠴᠢ ᠵᠡᠭᠦᠨ ᠲᠤᠮᠳᠠ ᠪᠠᠷᠠᠭᠤᠨ ᠭᠤᠷᠪᠠᠨ ᠶᠡᠭᠡ ᠠᠵᠤ ᠠᠬᠤᠢ ᠶᠢᠨ ᠬᠠᠪᠲᠠᠭᠠᠢ ᠶᠢᠨ ᠬᠡᠰᠡᠭ ᠤᠨ ᠤᠷᠤᠨ ᠪᠦᠰᠡ ᠶᠢᠨ ᠬᠠᠮᠲᠤᠷᠠᠯᠴᠠᠭᠠᠨ ᠤ ᠲᠠᠪᠴᠠᠩ ᠪᠤᠯᠪᠠ᠃      2014 ᠤᠨ ᠳᠤ ᠡᠬᠢᠯᠠᠨ ᠠᠵᠢᠯᠯᠠᠭᠰᠠᠨ ᠠᠴᠠ ᠨᠠᠰᠢ᠂ ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ︽ᠨᠡᠭᠡᠭᠡᠯᠲᠡᠳᠤ ᠬᠦᠭᠵᠢᠯᠲᠡ︾᠎ ᠶᠢᠨ ᠣᠨᠣᠯᠵᠢᠬᠤᠨ ᠢ ᠢᠮᠠᠭᠲᠠ ᠬᠢᠨᠠᠮᠠᠭᠠᠢ ᠤᠶᠢᠯᠡᠳᠤᠯᠭᠡᠵᠢᠭᠦᠯᠵᠤ᠂ ᠤᠯᠤᠰ ᠠᠴᠠ ᠤᠷᠤᠨ ᠪᠦᠰᠡ ᠶᠢᠨ ᠬᠠᠮᠳᠤᠷᠠᠯᠴᠠᠨ ᠬᠦᠭᠵᠢᠬᠦ ᠶᠢ ᠠᠬᠢᠭᠤᠯᠵᠤ ᠪᠠᠶᠢᠭ᠎ᠠ ᠶᠡᠭᠡ ᠪᠠᠶᠢᠳᠠᠯ ᠳᠣᠣᠷ᠎ᠠ᠂ ᠬᠠᠮᠲᠤᠷᠠᠯᠴᠠᠭᠠᠨ ᠤ ᠤᠷᠤᠨ ᠤ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠬᠦ ᠪᠠ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠪᠡᠭᠡᠵᠢᠩ ᠲᠢᠶᠠᠨᠵᠢᠨ ᠾᠧᠪᠸᠢ ᠶᠢᠨ ᠬᠠᠮᠳᠤᠷᠠᠨ ᠬᠦᠭᠵᠢᠬᠦ ᠳᠤ ᠠᠭᠤᠰᠤᠨ᠂ ︽ᠨᠢᠭᠡ ᠪᠦᠰᠡ ᠨᠢᠭᠡ ᠵᠠᠮ︾ ᠬᠢᠭᠡᠳ ︽ᠲᠤᠮᠳᠠᠲᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠬᠢᠯ︾᠎ ᠤᠨ ᠪᠦᠲᠦᠭᠡᠨ ᠪᠠᠶᠢᠭᠤᠯᠤᠯᠲᠠ ᠳᠤ ᠤᠷᠤᠯᠴᠨᠵᠤ᠂ ᠬᠤᠯᠪᠤᠯᠳᠤᠨ ᠨᠡᠪᠲᠡᠷᠡᠯᠴᠡᠬᠦ᠂ ᠬᠠᠮᠲᠤᠪᠡᠷ ᠪᠠᠶᠢᠭᠤᠯᠤᠨ ᠬᠠᠮᠲᠤᠪᠡᠷ ᠠᠰᠢᠭ ᠬᠦᠷᠲᠡᠬᠦ ᠤᠷᠤᠨ ᠪᠦᠰᠡ ᠶᠢᠨ ᠬᠠᠮᠲᠤᠷᠠᠯᠴᠠᠨ ᠬᠦᠭᠵᠢᠬᠦ ᠪᠠᠶᠢᠳᠠᠯ ᠢ ᠠᠩᠬ᠎ᠠ ᠠᠯᠬᠤᠮ ᠪᠠᠶᠢᠭᠤᠯᠵᠤ ᠨᠡᠯᠢᠶᠠᠳ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃      ᠬᠤᠷᠠᠯ ᠳᠡᠭᠡᠷ᠎ᠡ᠂ ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠲᠠᠷᠠᠭᠠᠴᠢ ᠶᠢᠨ ᠬᠠᠮᠲᠤᠷᠠᠯᠴᠠᠭᠠᠨ ᠤ ᠲᠤᠬᠠᠢ 6 ᠵᠤᠶᠢᠯ ᠳᠤ ᠰᠠᠨᠠᠯ ᠨᠢᠭᠡᠳᠦᠭᠰᠡᠨ ᠪᠠᠶᠢᠨ᠎ᠠ᠃ ᠲᠦᠯᠦᠪᠵᠢᠭᠦᠯᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠠᠮᠲᠤᠪᠡᠷ ᠲᠦᠯᠦᠪᠵᠢᠭᠦᠯᠵᠦ ᠬᠠᠮᠲᠤᠪᠡᠷ ᠠᠬᠢᠭᠤᠯᠤᠨ᠎ᠠ︔ ᠬᠠᠮᠲᠤᠪᠡᠷ ᠬᠤᠯᠪᠤᠭᠠᠯᠠᠨ ᠨᠡᠪᠲᠡᠷᠡᠯᠴᠡᠬᠦ ᠶᠢ ᠪᠠᠷᠢᠮᠲᠠᠯᠠᠵᠤ᠂ ᠰᠠᠭᠤᠷᠢ ᠪᠡᠯᠡᠳᠬᠡᠮᠵᠢ ᠶᠢᠨ ᠲᠤᠤᠷ ᠢ ᠬᠠᠮᠲᠤᠪᠡᠷ ᠪᠠᠶᠢᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠠ ᠰᠢᠪᠲᠤᠯᠤᠯᠲᠠ ᠶᠢ ᠪᠠᠶᠠᠯᠠᠭᠦᠯᠦᠨ᠎ᠠ︔ ᠬᠠᠷᠢᠯᠴᠠᠨ ᠠᠰᠢᠭᠲᠠᠢ ᠪᠠᠶᠢᠵᠤ ᠬᠠᠮᠲᠤᠪᠡᠷ ᠠᠰᠢᠭ ᠤᠯᠬᠤ ᠶᠢ ᠪᠠᠷᠢᠮᠲᠠᠯᠠᠨ᠂ ᠲᠠᠪᠠᠭᠤᠯᠢᠭ ᠠᠵᠤ ᠤᠶᠢᠯᠡᠰ ᠢᠶᠠᠨ ᠬᠠᠮᠲᠤ ᠳᠤᠨᠢ ᠮᠠᠨᠳᠤᠭᠤᠯᠬᠤ ᠳᠡᠭᠡᠷ᠎ᠡ ᠰᠢᠨ᠎ᠠ ᠬᠦᠳᠡᠯᠭᠡᠬᠦ ᠬᠦᠴᠦᠨ ᠨᠠᠮᠠᠷᠢᠯᠡᠬᠦ ᠶᠢ ᠠᠬᠢᠭᠤᠯᠤᠨ᠎ᠠ︔ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠶᠢ ᠪᠠᠷᠢᠮᠲᠠᠯᠠᠨ᠂ ᠠᠮᠢ ᠠᠬᠤᠢ ᠶᠢᠨ ᠬᠠᠯᠬᠠᠪᠴᠢ ᠶᠢ ᠬᠠᠮᠲᠤᠪᠡᠷ ᠪᠠᠬᠢᠵᠢᠭᠦᠯᠬᠦ ᠲᠠᠯ᠎ᠠ ᠪᠠᠷ ᠰᠢᠨ᠎ᠠ ᠬᠢᠷᠢ ᠪᠦᠲᠦᠮᠵᠢ ᠭᠠᠷᠭᠠᠨ᠂ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ᠂ ᠱᠠᠨ ᠰᠢ ᠪᠤᠯᠤᠨ ᠴᠢᠭᠤᠯᠤᠯᠲᠤ ᠬᠠᠭᠠᠯᠭ᠎ᠠ ᠪᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠰᠯᠡᠯ ᠤᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠬᠢᠲᠤ ᠤᠷᠤᠨ ᠪᠠ ᠠᠮᠢ ᠠᠬᠤᠢ ᠶᠢᠨ ᠤᠷᠴᠢᠨ ᠲᠤᠭᠤᠷᠢᠨ ᠢ ᠲᠤᠯᠭᠠᠭᠤᠷᠢᠯᠠᠬᠤ ᠤᠷᠤᠨ ᠢ ᠪᠠᠶᠢᠭᠤᠯᠬᠤ ᠴᠢᠬᠤᠯᠠ ᠵᠢᠭᠠᠪᠤᠷᠢ ᠶᠢᠨ ᠲᠤᠭᠤᠷᠢᠨ ᠳᠤ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠤᠷᠤᠨ ᠪᠦᠰᠡ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠬᠤᠯᠪᠤᠭᠠᠯᠠᠨ ᠰᠡᠷᠭᠡᠶᠢᠯᠠᠵᠦ ᠡᠵᠠᠮᠳᠡᠨ᠂ ᠶᠡᠭᠡ ᠤᠷᠤᠨ ᠬᠡᠪᠴᠢᠶᠠᠨ ᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠠᠮᠲᠤᠷᠠᠯᠴᠠᠭᠠᠨ ᠤ ᠬᠡᠯᠡᠯᠴᠡᠭᠡᠷ ᠢ ᠰᠢᠮᠳᠠᠭᠤᠯᠤᠨ ᠲᠤᠭᠲᠠᠭᠠᠵᠤ᠂ ᠬᠠᠮᠲᠤᠪᠡᠷ ︽ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ︾᠎ ᠢ ᠲᠤᠭᠤᠷᠪᠢᠨ᠂ ᠪᠡᠭᠡᠵᠢᠩ ᠲᠢᠶᠠᠨᠵᠢᠨ ᠤ ᠲᠡᠭᠡᠲᠤ ᠤᠷᠤᠰᠬᠠᠯ ᠤᠨ ᠤᠷᠤᠨ ᠤ ᠤᠰᠤᠨ ᠤ ᠡᠬᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠤ᠂ ᠡᠭᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠡᠷ ᠪᠠᠬᠢᠵᠢᠭᠦᠯᠦᠨ᠎ᠠ︔ ᠨᠡᠪᠲᠡᠷᠡᠯᠴᠡᠨ ᠠᠭᠤᠰᠤᠯᠴᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠦᠮᠦᠵᠢᠯ ᠰᠤᠶᠤᠯ ᠤᠨ ᠬᠠᠮᠲᠤᠷᠠᠯᠴᠠᠨ ᠠᠭᠤᠰᠤᠯᠴᠠᠬᠤ ᠳᠡᠭᠡᠷ᠎ᠡ ᠰᠢᠨ᠎ᠠ ᠰᠢᠪᠲᠤᠯᠤᠯᠲᠠ ᠲᠠᠢ ᠪᠠᠶᠢᠬᠤ ᠶᠢ ᠠᠬᠢᠭᠤᠯᠵᠤ᠂ ᠤᠯᠠᠨ ᠲᠡᠰ ᠲᠠᠪᠬᠤᠷᠭ᠎ᠠ ᠶᠢᠨ ᠬᠦᠮᠦᠨ ᠵᠤᠨ ᠤ ᠬᠠᠷᠢᠯᠴᠠᠨ ᠬᠤᠷᠰᠢᠯᠴᠠᠬᠤ ᠲᠤᠭᠲᠠᠯᠴᠠᠭ᠎ᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠲᠤᠮᠳᠠᠬᠢ ᠵᠤᠭᠢᠶᠠᠨ ᠪᠠᠶᠢᠭᠤᠯᠤᠯᠲᠠ ᠶᠢᠨ ᠤᠯᠠᠨ ᠬᠡᠯᠪᠡᠷᠢ ᠶᠢᠨ ᠬᠤᠷᠰᠢᠯᠴᠠᠬᠤ ᠶᠢ ᠠᠬᠢᠭᠤᠯᠤᠨ᠂ ᠪᠡᠭᠡᠵᠢᠩ — ᠴᠢᠭᠤᠯᠤᠯᠲᠤ ᠬᠠᠭᠠᠯᠭ᠎ᠠ ᠶᠢᠨ 2022 ᠤᠨ ᠤ ᠡᠪᠤᠯ ᠤᠨ ᠤᠯᠠᠷᠢᠯ ᠤᠨ ᠤᠯᠢᠮᠫᠢᠺ ᠎ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠮᠲᠤᠪᠡᠷ ᠤᠶᠢᠯᠡᠴᠢᠯᠡᠨ᠂ ᠭᠤᠷᠪᠠᠨ ᠬᠤᠲᠠ ᠶᠢᠨ ᠨᠡᠩ ᠲᠡᠭᠡᠲᠤ ᠲᠡᠰ ᠎ ᠤᠨ  ᠪᠡᠶ᠎ᠡ ᠶᠢᠨ ᠲᠠᠮᠢᠷ ᠵᠤᠭᠠᠴᠠᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠶᠢ ᠴᠢᠩᠭᠠᠳᠬᠠᠨ᠎ᠠ︔ ᠬᠠᠮᠲᠤᠪᠡᠷ ᠪᠠᠶᠢᠭᠤᠯᠤᠨ ᠡᠳ᠋ᠯᠡᠬᠦ ᠶᠢ ᠪᠠᠷᠢᠮᠲᠡᠯᠡᠨ᠂ ᠬᠦᠭᠵᠢᠯᠲᠡ ᠶᠢᠨ ᠦᠷ᠎ᠡ ᠪᠦᠲᠦᠭᠡᠯ ᠢ ᠬᠠᠮᠲᠤᠪᠡᠷ ᠡᠳ᠋ᠯᠡᠬᠦ ᠲᠠᠯ᠎ᠠ ᠪᠠᠷ ᠰᠢᠨ᠎ᠠ ᠬᠢᠷᠢ ᠪᠦᠲᠦᠮᠵᠢ ᠭᠠᠷᠭᠠᠬᠤ ᠵᠡᠷᠭᠡ ᠪᠤᠯᠤᠨ᠎ᠠ᠃      ᠤᠶᠢᠯᠠᠭᠠᠭᠰᠠᠨ ᠢᠶᠠᠷ᠂ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠠᠯ᠂ ᠦᠪᠦᠷ ᠮᠤᠩᠭᠤᠯ ᠱᠠᠨ ᠰᠢ ᠾᠧᠪᠸᠢ ᠭᠤᠷᠪᠠᠨ ᠮᠤᠵᠢ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠠᠯ᠂ᠤᠯᠠᠭᠠᠨᠴᠠᠪ᠂ ᠳ᠋ᠠᠲ᠋ᠦ᠋ᠩ᠂ ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠤᠨ ᠨᠠᠮ ᠵᠠᠰᠠᠭ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ 200 ᠭᠠᠷᠤᠢ ᠬᠦᠮᠦᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号