ᠥᠪᠥᠷ ᠮᠣᠩᠭᠤᠯ ᠤᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ 5%᠎ ᠶᠢᠨ ᠪᠦᠬᠦ ᠶᠠᠪᠤᠴᠠ ᠶᠢᠨ ᠪᠥᠬᠦ ᠲᠤᠭᠠᠨ ᠤ ᠲᠠᠮ ᠬᠦᠦ ᠶᠢ ᠬᠦᠷᠲᠡᠬᠦ ᠪᠣᠯᠤᠨ᠎ᠠ
ᠨᠡᠶᠢᠲᠡᠯᠡᠭᠰᠡᠨ ᠴᠠᠭ᠄
2017/9/5
      2017 — 2020 ᠤᠨ ᠪᠤᠯᠲᠠᠯ᠎ᠠ᠂ ᠥᠪᠥᠷ ᠮᠣᠩᠭᠤᠯ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠵᠢᠯ ᠪᠦᠷᠢ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ 5%᠎ ᠶᠢᠨ ᠪᠦᠬᠦ ᠶᠠᠪᠤᠴᠠ ᠶᠢᠨ ᠪᠥᠬᠦ ᠲᠤᠭᠠᠨ ᠤ ᠲᠠᠮ ᠬᠦᠦ ᠶᠢ ᠤᠯᠭᠤᠬᠤ ᠪᠠᠷ ᠪᠠᠶᠢᠨ᠎ᠠ᠃      ᠥᠪᠥᠷ ᠮᠣᠩᠭᠤᠯ ᠡᠯ᠎ᠡ ᠪᠠᠩᠬᠢ ᠶᠢᠨ ᠪᠠᠶᠢᠭᠤᠯᠤᠮᠵᠢ ︽ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ︾᠂ ︽ᠶᠠᠳᠠᠭᠤ ᠶᠢ ᠲᠡᠳᠬᠦᠬᠦ ᠲᠠᠬᠢᠨ ᠵᠢᠭᠡᠯᠡᠯᠭᠡ︾ ᠵᠡᠷᠭᠡ ᠥᠪᠡᠷ ᠤᠨ ᠥᠷᠲᠡᠭ ᠳᠤᠤᠷ᠎ᠠ ᠪᠡᠯᠡ ᠮᠥᠩᠭᠦ ᠶᠢ ᠠᠰᠢᠭᠯᠠᠵᠤ᠂  ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠳᠠ᠂ ᠲᠣᠭᠤᠷᠢᠭ︶᠎ ᠶᠢᠨ ᠪᠦᠬᠦᠯᠢ ᠴᠣᠭᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠰᠠᠨᠠᠭᠠᠴᠢᠯᠠᠭ᠎ᠠ ᠠᠴᠠ ᠪᠠᠨ ᠪᠠᠭᠤᠷᠠᠭᠤᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠳᠤ ᠬᠦᠦ ᠮᠥᠩᠭᠦᠨ ᠤ ᠰᠠᠭᠤᠷᠢ ᠪᠠᠷᠢᠮᠵᠢᠶ᠎ᠠ ᠨᠤᠷᠮ᠎ᠠ ᠶᠢ ᠬᠡᠷᠡᠭᠵᠢᠬᠦᠯᠬᠦ ᠳᠤᠨᠢ ᠳᠡᠮᠵᠢᠯᠭᠡ ᠦᠵᠡᠭᠦᠯᠵᠤ ᠪᠠᠶᠢᠨ᠎ᠠ᠃ ᠰᠢᠨ᠎ᠡ ᠪᠠᠷ ᠤᠯᠭᠤᠭᠰᠠᠨ ᠶᠠᠳᠠᠭᠤ ᠶᠢ ᠲᠡᠳᠬᠦᠬᠦ ᠵᠢᠭᠡᠯᠡᠯᠭᠡ ᠳᠤ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠶᠡᠯᠡᠬᠦ ᠬᠤᠭᠤᠴᠠᠭ᠎ᠠ᠂ ᠵᠣᠭᠤᠰ ᠵᠢᠭᠡᠯᠡᠭᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ ᠵᠡᠷᠭᠡ ᠶᠢ ᠨᠢ ᠦᠨᠳᠦᠰᠦᠯᠡᠨ᠂ ᠤᠯᠠᠨ ᠵᠦᠢᠯ ᠤᠨ ᠵᠢᠭᠡᠯᠡᠯᠭᠡ ᠶᠢᠨ ᠬᠤᠭᠤᠴᠠᠭᠠᠲᠤ ᠰᠤᠩᠭᠤᠯᠲᠠ ᠶᠢ ᠬᠠᠩᠭᠠᠵᠤ᠂ ᠵᠣᠭᠤᠰ ᠪᠤᠴᠠᠭᠠᠬᠤ ᠤᠶᠠᠨ ᠬᠠᠳᠠᠨ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠵᠤ᠂ ᠭᠠᠷᠳᠠᠮ ᠢ ᠬᠢᠯᠪᠡᠷᠴᠢᠯᠠᠨ᠂ ᠦᠢᠯᠡᠴᠢᠯᠡᠭᠡ ᠶᠢ ᠰᠢᠯᠢᠳᠡᠭᠵᠢᠬᠦᠯᠪᠡ᠃ ᠡᠭᠦᠨ ᠤ ᠬᠠᠮᠲᠤ᠂ ᠪᠦᠬᠦ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠬᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠨᠢ ᠬᠤᠰᠢᠭᠤ ᠰᠢᠶᠠᠨ ︵ᠬᠤᠳᠠ᠂ ᠲᠣᠭᠤᠷᠢᠭ︶᠎ ᠢᠶᠠᠷ ᠨᠢᠭᠡᠴᠢ ᠪᠣᠯᠭᠠᠨ ᠵᠢᠭᠡᠯᠡᠯᠭᠡ ᠠᠪᠬᠤ ᠡᠷᠦᠬᠡ ᠶᠢ ᠲᠠᠨᠢᠯᠴᠠᠭᠤᠯᠵᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠮᠡᠳᠡᠭᠡ ᠵᠠᠩᠭᠢ ᠶᠢ ᠰᠠᠷ᠎ᠠ ᠰᠠᠷ᠎ᠠ ᠪᠠᠷ ᠨᠡᠶᠢᠲᠡᠯᠡᠵᠤ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠪᠤᠯᠭᠠᠬᠤ ᠪᠠᠷ ᠪᠠᠶᠢᠨ᠎ᠠ᠃      ᠥᠪᠥᠷ ᠮᠣᠩᠭᠤᠯ ᠲᠣᠳᠣᠷᠬᠠᠶ ᠳᠤᠷᠠᠳᠴᠤ ᠭᠠᠷᠭᠠᠭᠰᠠᠨ ᠨᠢ᠂ ᠨᠢᠭᠡᠨᠲᠡ ᠤᠯᠭᠤᠭᠰᠠᠨ ᠪᠤᠯᠪᠠᠴᠤ ᠦᠨᠡᠨᠬᠦ ᠬᠦᠴᠢᠷᠳᠡᠯᠲᠠᠢ ᠠᠴᠠ ᠪᠤᠯᠵᠤ ᠶᠠᠳᠠᠭᠤ ᠶᠢ ᠲᠡᠳᠬᠦᠬᠦ ᠵᠢᠭᠡᠯᠡᠯᠭᠡ ᠶᠢ ᠬᠤᠭᠤᠴᠠᠭ᠎ᠠ ᠶᠤᠰᠤᠭᠠᠷ ᠪᠤᠴᠠᠭᠠᠵᠤ ᠳᠡᠶᠢᠯᠬᠦ ᠦᠭᠡᠢ ᠪᠠᠶᠢᠪᠠᠯ᠂ ︽ ᠬᠤᠭᠤᠴᠠᠭ᠎ᠠ ᠶᠢ ᠨᠢ ᠤᠷᠲᠤᠳᠬᠠᠬᠤ︾ ᠪᠤᠶᠤ ︽ᠡᠬᠡ ᠮᠥᠩᠭᠦ ᠶᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠬᠦᠯᠬᠦ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠎ ᠨᠢ ᠤᠷᠲᠤᠳᠬᠠᠬᠤ ᠪᠦᠭᠡᠳ ᠵᠢᠭᠡᠯᠡᠯᠭᠡ ᠪᠤᠴᠠᠭᠠᠬᠤ ᠬᠡᠯᠪᠡᠷᠢ ᠶᠢ ᠨᠢ ᠵᠣᠬᠢᠰᠲᠠᠶ ᠪᠠᠷ ᠲᠤᠬᠢᠷᠠᠭᠤᠯᠤᠨ᠎ᠠ ᠭᠡᠵᠠᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠲᠦᠷᠢᠮ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠵᠡᠷᠭᠡ ᠲᠡᠰ ᠢ ᠲᠤᠭᠲᠠᠭᠠᠵᠤ ᠢᠲᠡᠭᠡᠮᠵᠢ ᠣᠯᠭᠤᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠢᠲᠡᠭᠡᠮᠵᠢ ᠶᠢᠨ ᠵᠡᠷᠭᠡ ᠳᠡᠰ ᠢ ᠨᠢ ᠦᠨᠳᠦᠰᠦᠯᠡᠨ ᠶᠠᠳᠠᠭᠤ ᠬᠦᠴᠢᠷᠳᠡᠯᠲᠡᠶ ᠡᠷᠦᠬᠡ ᠳᠤ ᠪᠠᠲᠤᠯᠠᠭ᠎ᠠ ᠥᠯᠥ ᠬᠡᠷᠡᠭᠰᠡᠬᠦ ᠵᠢᠭᠡᠯᠡᠯᠭᠡ᠂ ᠪᠠᠷᠢᠴᠠᠭ᠎ᠠ ᠥᠯᠥ ᠠᠪᠬᠤ ᠵᠢᠭᠡᠯᠡᠯᠭᠡ᠂ ᠬᠦᠦ ᠮᠥᠩᠭᠦᠨ ᠤ ᠰᠠᠭᠤᠷᠢ ᠪᠠᠷᠢᠮᠵᠢᠶ᠎ᠠ ᠨᠤᠷᠮ᠎ᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠤᠯᠭᠤᠬᠤ ᠪᠠᠷ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号