ᠬᠦᠬᠡᠬᠤᠲᠠ ᠪᠤᠭᠤᠮᠲᠠ 5 ᠵᠢᠯ ᠳᠤ ᠡᠯ᠎ᠡ ᠵᠦᠢᠯ ᠤᠨ ᠬᠡᠷᠡᠭ ᠢ 3280 ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2017/9/5
     ᠰᠤᠷᠪᠤᠯᠵᠢᠯᠠᠬᠴᠢ 9 ᠳ᠋ᠦ᠋ᠭᠡᠷ ᠰᠠᠷ᠎ᠠ ᠶᠢᠨ 1᠎ ᠤ ᠡᠳᠦᠷ ᠬᠢᠭᠰᠡᠨ ᠬᠦᠬᠡᠬᠤᠳᠠ ᠪᠤᠭᠤᠮᠳᠠ ᠶᠢᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠤᠶᠢᠷ᠎ᠠ ᠳᠤ ᠬᠦᠬᠡᠬᠤᠳᠠ ᠪᠤᠭᠤᠮᠳᠠ ᠨᠢᠭᠤᠴᠠ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠦᠨᠳᠦᠷ ᠲᠠᠷᠤᠯᠳᠠᠳᠤ ᠪᠠᠶᠢᠳᠠᠯ ᠢ ᠦᠷᠬᠦᠯᠵᠢᠯᠡᠨ ᠪᠠᠳᠤᠯᠠᠵᠤ᠂ ᠦᠪᠡᠷᠳᠡᠬᠡᠨ ᠵᠠᠰᠠᠬᠤ ᠤᠷᠤᠨ ᠤ ᠦᠷᠬᠦᠯᠵᠢᠯᠡᠬᠦᠢ᠂ ᠦᠨᠳᠦᠷ ᠪᠦᠳᠦᠮᠵᠢᠳᠡᠢ᠂ ᠦᠨᠳᠦᠷ ᠲᠦᠪᠰᠢᠨ ᠲᠠᠢ ᠭᠠᠳᠠᠭᠠᠳᠤ ᠨᠡᠬᠡᠬᠡᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠦᠭᠴᠦ ᠪᠤᠢ᠃      ᠬᠦᠬᠡᠬᠤᠳᠠ ᠪᠤᠭᠤᠮᠳᠠ 2012 ᠤᠨ ᠠᠴᠠ 2016 ᠤᠨ ᠪᠤᠯᠳᠠᠯ᠎ᠠ᠂ ᠡᠯ᠎ᠡ ᠵᠦᠢᠯ ᠤᠨ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ 3280 ᠪᠠᠶᠢᠴᠠᠭᠠᠨ ᠰᠢᠢᠳᠪᠦᠷᠢᠯᠡᠵᠦ᠂ ᠬᠡᠷᠡᠭ ᠤᠨ ᠦᠷᠳᠡᠭ ᠨᠢ 10.6 ᠳ᠋ᠦᠩᠰᠢᠭᠤᠷ ᠲᠦᠬᠦᠷᠢᠭ ᠲᠤ ᠬᠦᠷᠴᠦ᠂ 2 ᠳ᠋ᠦᠩᠰᠢᠭᠤᠷ ᠲᠦᠬᠦᠷᠢᠭ ᠤᠨ ᠭᠠᠶᠢᠢᠯᠢ ᠲᠠᠢ ᠬᠤᠯᠪᠣᠭᠳᠠᠪᠠ᠂ ᠡᠬᠦᠨ ᠳᠤ ᠡᠷᠡᠬᠦᠦ ᠶᠢᠨ ᠬᠡᠷᠡᠭ 86᠂ ᠬᠡᠷᠡᠭ ᠤᠨ ᠦᠷᠳᠡᠭ ᠨᠢ 4.6 ᠳ᠋ᠦᠩᠰᠢᠭᠤᠷ ᠲᠦᠬᠦᠷᠢᠭ ᠲᠤ ᠬᠦᠷᠴᠦ᠂ 1.8 ᠳ᠋ᠦᠩᠰᠢᠭᠤᠷ ᠲᠦᠬᠦᠷᠢᠭ ᠤᠨ ᠭᠠᠶᠢᠯᠢ ᠲᠠᠢ ᠬᠤᠯᠪᠤᠬᠳᠠᠵᠣ᠂ ᠠᠳᠠᠯᠢ ᠬᠤᠭᠤᠴᠠᠭᠠᠨ ᠤ ᠬᠢ ᠠᠴᠠ ᠲᠤᠰᠪᠤᠷᠢ 115%᠂ 20 ᠲᠠᠬᠢᠨ ᠪᠠ 48 ᠲᠠᠬᠢᠨ ᠨᠡᠮᠡᠭᠳᠡᠵᠡᠢ᠃ ᠡᠬᠦᠨ ᠠᠴᠠ ᠭᠠᠳᠠᠨ᠎ᠠ᠂ ᠬᠦᠬᠡᠬᠤᠳᠠ ᠪᠤᠭᠤᠮᠳᠠ 2017 ᠤᠨ ᠳᠤ ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠤᠬᠢᠯᠳᠠ ᠦᠭᠴᠦ ᠨᠢᠭᠤᠴᠠ ᠪᠠᠷ ᠠᠷᠠᠯᠵᠢᠶᠠᠯᠠᠬᠤ ᠶᠠᠯᠠᠳᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠠᠯ᠎ᠠ ᠪᠠᠷ ᠦᠩᠬᠡᠷᠡᠭᠰᠡᠨ ᠵᠢᠯ ᠤᠳ ᠤᠨ ᠬᠠᠮᠤᠬ ᠤᠨ ᠰᠠᠶᠢᠨ ᠬᠢᠷᠢ ᠪᠦᠳᠦᠮᠵᠢ ᠶᠢ ᠡᠭᠦᠳᠴᠡᠢ᠃ ᠫᠣᠣ ᠵᠡᠪᠰᠡᠭ ᠰᠤᠮᠤ ᠲᠠᠷᠢ ᠶᠢ ᠨᠢᠭᠤᠴᠠ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠲᠠᠯ᠎ᠠ ᠪᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂ ᠵᠡᠪᠰᠡᠭ ᠢ ᠨᠢᠭᠤᠴᠠ ᠪᠠᠷ ᠠᠷᠠᠯᠵᠢᠶᠠᠯᠠᠬᠰᠠᠨ 2 ᠬᠡᠷᠡᠭ ᠢ ᠬᠡᠷᠡᠭ ᠪᠤᠯᠭᠠᠨ ᠲᠠᠩᠰᠠᠯᠠᠨ ᠲᠠᠩᠨᠠᠨ ᠪᠠᠶᠢᠴᠠᠭᠠᠵᠤ᠂ 6 ᠶᠠᠯ᠎ᠠ ᠶᠢᠨ ᠰᠡᠵᠢᠭᠳᠡᠨ ᠢ ᠪᠠᠷᠢᠪᠴᠢᠯᠠᠨ᠂ 283 ᠡᠯ᠎ᠡ ᠵᠦᠢᠯ ᠤᠨ ᠫᠤᠤ ᠵᠡᠪᠰᠡᠭ᠂ 4220 ᠰᠤᠮᠤ ᠲᠠᠷᠢ ᠬᠤᠷᠢᠶᠠᠮᠵᠢᠯᠠᠵᠠᠢ︔ ᠲᠤᠮᠳᠠᠳᠤ ᠮᠤᠩᠭᠤᠯ ᠤᠨ ᠬᠢᠯᠢ ᠳᠠᠭᠠᠣ ᠶᠢᠨ ᠬᠤᠤᠷᠠᠳᠤ ᠡᠳ᠋ ᠢ ᠨᠢᠭᠤᠴᠠ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠲᠠᠯ᠎ᠠ ᠪᠠᠷ᠂ ᠡᠨᠡ ᠵᠢᠯ ᠤᠨ 1 — 7 ᠳ᠋ᠤᠭᠠᠷ ᠰᠠᠷ᠎ᠠ ᠳᠤ ᠨᠢᠬᠡᠨᠳᠡ ᠬᠤᠤᠷᠠᠳᠤ ᠡᠳ᠋ ᠢ ᠨᠢᠭᠤᠴᠠ ᠪᠠᠷ ᠠᠷᠠᠯᠵᠢᠶᠠᠯᠠᠬᠰᠠᠨ 5 ᠬᠡᠷᠡᠭ ᠢ ᠬᠡᠷᠡᠭ ᠪᠤᠯᠭᠠᠨ ᠲᠠᠩᠰᠠᠯᠠᠵᠤ ᠳᠠᠩᠨᠠᠨ ᠢᠯᠡᠷᠡᠬᠦᠯᠵᠡᠢ︔ ᠬᠦᠯᠳᠡᠬᠦᠦ ᠪᠤᠳᠠᠰ ᠢ ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠤᠬᠢᠯᠳᠠ ᠦᠭᠬᠦ ᠲᠠᠯ᠎ᠠ ᠪᠠᠷ᠂ ᠲᠦᠷᠦᠭᠦᠦ 7 ᠰᠠᠷ᠎ᠠ ᠳᠤ᠂ ᠨᠡᠶᠢᠲᠡ ᠬᠦᠯᠳᠡᠬᠦᠦ ᠪᠤᠳᠠᠰ ᠢ ᠨᠢᠭᠤᠴᠠ ᠪᠠᠷ ᠠᠷᠠᠯᠵᠢᠶᠠᠯᠠᠬᠰᠠᠨ ᠬᠡᠷᠡᠭ ᠢ 71 ᠪᠠᠶᠢᠴᠠᠭᠠᠨ ᠰᠢᠢᠳᠪᠦᠷᠢᠯᠡᠵᠦ᠂ ᠦᠬᠡᠷ ᠬᠤᠨᠢᠨ ᠮᠢᠬ᠎ᠠ᠂ ᠦᠬᠡᠷ ᠬᠤᠨᠢᠨ ᠤ ᠬᠡᠳᠡᠰᠦ ᠲᠤᠳᠤᠷ ᠵᠡᠷᠬᠡ 11.2 ᠲᠤᠨ ᠪᠦᠳᠦᠭᠡᠭᠳᠡᠬᠦᠨ ᠢ ᠪᠠᠶᠢᠴᠠᠭᠠᠨ ᠬᠤᠷᠢᠶᠠᠮᠵᠢᠯᠠᠵᠠᠢ︔ ᠭᠠᠳᠠᠭᠠᠳᠣ ᠶᠢᠨ ᠬᠠᠶᠠᠬᠳᠠᠮᠠᠯ ᠪᠤᠳᠠᠰ ᠢ ᠤᠯᠤᠰ ᠤᠨ ᠡᠬᠦᠳᠡᠨ ᠤ ᠭᠠᠳᠠᠨ᠎ᠠ ᠬᠠᠰᠢᠬᠤ ᠲᠠᠯ᠎ᠠ ᠪᠠᠷ᠂ ᠲᠦᠷᠦᠭᠦᠦ 7 ᠰᠠᠷ᠎ᠠ ᠳᠤ ᠭᠠᠳᠠᠭᠠᠳᠣ ᠶᠢᠨ ᠬᠠᠶᠠᠬᠳᠠᠮᠠᠯ ᠪᠤᠳᠠᠰ ᠢ ᠨᠢᠭᠤᠴᠠ ᠪᠠᠷ ᠠᠷᠠᠯᠵᠢᠶᠠᠯᠠᠬᠰᠠᠨ ᠬᠡᠷᠡᠭ ᠢ 32 ᠪᠠᠶᠢᠴᠠᠭᠠᠨ ᠰᠢᠢᠳᠪᠦᠷᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号