9 ᠳ᠋ᠦ᠋ᠭᠡᠷ ᠰᠠᠷ᠎ᠠ ᠶᠢᠨ 5 ᠤ ᠡᠳᠦᠷ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠮᠠᠨ ᠤ | ᠤᠷᠤᠨ ᠳᠤ ᠢᠷᠡᠵᠦ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠯᠵᠢᠶ᠎ᠡ ᠶᠢᠨ ᠠᠮᠤᠷ | ᠲᠦᠪᠰᠢᠨ ᠤ ᠬᠠᠤᠯᠢ︾ ᠪᠠ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ︽ᠰᠦᠯᠵᠢᠶ᠎ᠡ ᠶᠢᠨ ᠮᠡᠳᠡᠭᠡ ᠵᠠᠩᠭᠢ ᠶᠢᠨ ᠬᠠᠮᠠᠭᠠᠯᠠᠯᠳᠠ ᠶᠢ ᠴᠢᠩᠭᠠᠳᠬᠠᠬᠤ ᠲᠤᠬᠠᠢ | ᠲᠤᠬᠳᠠᠭᠠᠯ︾ ᠢ ᠲᠤᠤᠱᠯᠠᠭᠤᠯᠤᠨ ᠬᠡᠷᠡᠭᠵᠢᠭᠦᠯᠦᠭᠰᠡᠨ ᠬᠠᠮᠢᠶ᠎ᠠ ᠪᠦᠭᠦᠢ ᠪᠠᠶᠢᠳᠠᠯ ᠳᠤ ᠬᠠᠤᠯᠢ ᠬᠡᠷᠡᠭᠵᠢᠭᠦᠯᠭᠦ | ᠪᠠᠶᠢᠴᠠᠭᠠᠯᠲᠠ ᠬᠢᠵᠦ᠂ ᠬᠦᠬᠡᠬᠤᠲᠠ ᠳᠤ ᠶᠠᠷᠢᠯᠴᠠᠬᠤ ᠬᠤᠷᠠᠯ ᠬᠢᠵᠦ ᠦᠪᠡᠷᠳᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠬᠠᠷᠢᠭᠤ ᠮᠡᠳᠡᠭᠦᠯᠦᠯᠳᠡ ᠶᠢ ᠰᠤᠨᠤᠰᠪᠠ᠃ | ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠡᠳ᠋ ᠬᠤᠷᠢᠶᠠᠨ ᠲᠠᠷᠤᠭ᠎ᠠ ᠸᠠᠩ ᠱᠸᠡᠭ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠪᠦᠭᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠲᠤᠳᠤᠭᠠᠳᠤ | ᠶᠠᠪᠤᠳᠠᠯ ᠬᠠᠤᠯᠢ ᠴᠠᠭᠠᠵᠠ ᠶᠢᠨ ᠵᠦᠪᠯᠡᠯ ᠤᠨ ᠡᠷᠭᠢᠯᠡᠭᠴᠢ ᠭᠡᠰᠢᠭᠦᠨ ᠮᠠ ᠸᠧᠨ ᠡᠨᠡ ᠣᠳᠠᠭ᠎ᠠ ᠶᠢᠨ ᠬᠠᠤᠯᠢ | ᠬᠡᠷᠡᠭᠵᠢᠭᠦᠯᠭᠦ ᠪᠠᠶᠢᠴᠠᠭᠠᠯᠲᠠ ᠶᠢᠨ ᠭᠤᠤᠯ ᠠᠭᠤᠯᠭ᠎ᠠ ᠪᠠ ᠪᠤᠳᠠᠳᠠᠢ ᠱᠠᠭᠠᠷᠳᠠᠯᠭ᠎ᠠ ᠶᠢ ᠲᠠᠨᠢᠯᠴᠠᠭᠤᠯᠵᠦ᠂ ᠪᠦᠭᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ | ᠲᠤᠳᠤᠭᠠᠳᠤ ᠶᠠᠪᠤᠳᠠᠯ ᠬᠠᠤᠯᠢ ᠴᠠᠭᠠᠵᠠ ᠶᠢᠨ ᠵᠦᠪᠯᠡᠯ ᠤᠨ ᠭᠡᠰᠢᠭᠦᠨ ᠸᠠᠩ ᠨᠠᠢ ᠺᠦᠨ᠂ ᠪᠦᠭᠦ ᠤᠯᠤᠰ ᠤᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠲᠤᠮᠳᠠᠳᠤ ᠤᠯᠤᠰ ᠤᠨ | ᠲᠠᠷᠢᠶᠠᠴᠢᠨ ᠠᠵᠢᠯᠴᠢᠨ ᠤ ᠠᠷᠠᠳᠴᠢᠯᠠᠬᠰᠠᠨ ᠨᠠᠮ ᠤᠨ ᠲᠦᠪ ᠬᠤᠷᠢᠶ᠎ᠠ ᠶᠢᠨ ᠲᠡᠳ᠋ ᠲᠡᠷᠢᠭᠦᠯᠡᠭᠴᠢ ᠶᠠᠩ ᠵᠧᠨ᠂ | ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠳᠤᠭᠠᠳᠤ ᠶᠠᠪᠤᠳᠠᠯ ᠬᠠᠤᠯᠢ | ᠴᠠᠭᠠᠵᠠ ᠶᠢᠨ ᠵᠦᠪᠯᠡᠯ ᠤᠨ ᠭᠡᠰᠢᠭᠦᠨ ᠵᠤᠤ ᠺᠠᠢ ᠶᠠᠷᠢᠯᠴᠠᠬᠤ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ | ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠮᠠᠨ ᠤ ᠤᠷᠤᠨ ᠤ ᠲᠤᠤᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢᠶᠠᠨ | ᠬᠠᠷᠢᠭᠤ ᠮᠡᠳᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠲᠡᠳ᠋ ᠡᠷᠬᠢᠯᠡᠭᠴᠢ ᠬᠤᠷᠴᠡ ᠶᠠᠷᠢᠯᠴᠠᠬᠤ ᠬᠤᠷᠠᠯ ᠢ ᠡᠷᠬᠢᠯᠡᠵᠠᠢ᠃ | ᠸᠠᠩ ᠱᠸᠡᠭ ᠵᠢᠶᠦ᠋ᠨ ᠡᠩ ᠲᠡᠷᠢᠭᠦᠨ ᠳᠤ ᠦᠪᠤᠷ ᠮᠤᠩᠭᠤᠯ ᠤᠨ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠰᠦᠯᠵᠢᠶ᠎ᠡ ᠶᠢᠨ ᠠᠮᠤᠷ ᠲᠦᠪᠰᠢᠨ ᠤ ᠬᠠᠤᠯᠢ︾ ᠪᠠ ︽ᠰᠦᠯᠵᠢᠶ᠎ᠡ ᠶᠢᠨ ᠮᠡᠳᠡᠭᠡ ᠵᠠᠩᠭᠢ ᠶᠢᠨ | ᠬᠠᠮᠠᠭᠠᠯᠠᠯᠳᠠ ᠶᠢ ᠴᠢᠩᠭᠠᠳᠬᠠᠬᠤ ᠲᠤᠬᠠᠢ ᠲᠤᠬᠳᠠᠭᠠᠯ︾ ᠢ ᠲᠤᠤᠱᠯᠠᠭᠤᠯᠤᠨ ᠬᠡᠷᠡᠭᠵᠢᠭᠦᠯᠦᠭᠰᠡᠨ ᠦᠷ᠎ᠠ | ᠪᠦᠲᠦᠮᠵᠢ ᠶᠢ ᠨᠤᠳᠠᠯᠠᠪᠡ᠃ ᠲᠡᠷᠡ᠂ ︽ᠨᠢᠭᠡ ᠬᠠᠤᠯᠢ ᠨᠢᠭᠡ ᠲᠤᠬᠳᠠᠭᠠᠯ︾ ᠢ ᠬᠡᠷᠡᠭᠵᠢᠭᠦᠯᠦᠭᠰᠡᠨ ᠠᠴᠠ ᠨᠠᠰᠢ᠂ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠰᠦᠯᠵᠢᠶ᠎ᠡ ᠶᠢᠨ ᠠᠮᠤᠷ ᠲᠦᠪᠰᠢᠨ ᠤ | ᠠᠵᠢᠯ ᠢ ᠲᠡᠭᠡᠳᠤ ᠬᠡᠮᠵᠢᠶ᠎ᠠ ᠪᠠᠷ ᠬᠦᠨᠳᠦᠳᠭᠡᠵᠦ᠂ ᠶᠡᠷᠦᠩᠭᠡᠢ ᠱᠦᠵᠢ ᠰᠢ ᠶᠢᠨ ᠫᠢᠡᠭ ᠤᠨ ᠰᠦᠯᠵᠢᠶ᠎ᠡ ᠶᠢᠨ ᠠᠮᠤᠷ | ᠲᠦᠪᠰᠢᠨ ᠤ ᠲᠤᠬᠠᠢ ᠴᠢᠬᠤᠯᠠ ᠦᠭᠦᠯᠠᠯᠳᠡ ᠪᠠ ᠴᠢᠬᠤᠯᠠ ᠶᠠᠷᠢᠶ᠎ᠠ ᠨᠤᠭᠤᠳ ᠢ ᠬᠢᠨᠠᠮᠠᠭᠠᠢ ᠵᠤᠬᠢᠶᠠᠨ ᠪᠠᠶᠢᠭᠤᠯᠤᠨ | ᠰᠤᠷᠤᠯᠴᠠᠵᠦ᠂ ᠰᠦᠯᠵᠢᠶ᠎ᠡ ᠶᠢᠨ ᠠᠮᠤᠷ ᠲᠦᠪᠰᠢᠨ ᠤ ᠴᠢᠬᠤᠯᠠ ᠠᠴᠢ ᠬᠤᠯᠪᠤᠬᠳᠠᠯ ᠪᠠ ᠲᠤᠯᠭᠠᠷᠠᠵᠦ ᠪᠠᠶᠢᠭ᠎ᠠ | ᠪᠠᠶᠢᠳᠠᠯ ᠢ ᠳᠣᠳᠣᠷᠬᠠᠢ ᠲᠠᠨᠢᠵᠦ᠂ ᠰᠦᠯᠵᠢᠶ᠎ᠡ ᠶᠢᠨ ᠠᠮᠤᠷ ᠲᠦᠪᠰᠢᠨ ᠢ ᠲᠡᠰ ᠬᠤᠪᠢᠶᠠᠨ ᠬᠠᠮᠠᠭᠠᠯᠠᠬᠤ ᠲᠦᠷᠢᠮ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠠᠴᠠ ᠵᠦᠷᠢᠴᠡᠭᠰᠡᠨ ᠬᠤᠤᠷ ᠬᠦᠨᠦᠭᠡᠯ ᠲᠠᠢ ᠮᠡᠳᠡᠭᠡ ᠵᠠᠩᠭᠢ ᠶᠢ | ᠠᠷᠢᠯᠭᠠᠭᠰᠠᠨ ᠡᠷᠴᠢᠮ ᠴᠢᠩᠭ᠎ᠠ᠂ ᠬᠡᠷᠡᠭᠯᠡᠭᠴᠢ ᠶᠢᠨ ᠬᠤᠪᠢ ᠬᠦᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ | ᠪᠠᠳᠤᠯᠠᠬᠤ ᠠᠵᠢᠯ ᠢ ᠬᠦᠨᠳᠦᠳᠭᠡᠨ ᠰᠠᠶᠢᠲᠤᠷ ᠬᠢᠵᠦ᠂ ᠬᠠᠤᠯᠢ ᠴᠠᠭᠠᠵᠠ ᠶᠢ ᠬᠡᠷᠡᠭᠵᠢᠭᠦᠯᠭᠦ ᠠᠵᠢᠯ ᠤᠨ ᠡᠬᠢᠯᠠᠯᠳᠡ | ᠰᠠᠶᠢᠨ ᠪᠣᠯᠵᠣ᠂ ᠠᠷᠭ᠎ᠠ ᠬᠡᠮᠵᠢᠶ᠎ᠡ ᠯᠠᠪᠳᠠᠭᠤᠨ ᠪᠠᠳᠣᠳᠠᠢ᠂ ᠦᠷ᠎ᠠ ᠪᠦᠲᠦᠮᠵᠢ ᠢᠯᠡᠷᠭᠡᠢ ᠪᠣᠯᠵᠣ᠂ ᠰᠦᠯᠵᠢᠶ᠎ᠡ ᠶᠢᠨ | ᠠᠮᠤᠷ ᠲᠦᠪᠰᠢᠨ ᠢ ᠴᠤᠬᠭᠠᠷ ᠠᠳᠬᠤᠵᠦ ᠬᠠᠮᠳᠤᠪᠠᠷ ᠬᠠᠮᠢᠶᠠᠷᠬᠤ ᠲᠦᠯᠦᠪ ᠪᠠᠶᠢᠳᠠᠯ ᠢ ᠦᠨᠳᠦᠰᠦᠨ ᠳᠡᠭᠡᠨ | ᠪᠦᠷᠢᠯᠳᠤᠭᠦᠯᠵᠠᠢ ᠭᠡᠵᠦ ᠵᠢᠭᠠᠵᠦ ᠭᠠᠷᠭᠠᠪᠠ᠃ | ᠸᠠᠩ ᠱᠸᠡᠭ ᠵᠢᠶᠦ᠋ᠨ᠂ ᠰᠦᠯᠵᠢᠶ᠎ᠡ ᠶᠢᠨ ᠠᠮᠤᠷ ᠲᠦᠪᠰᠢᠨ ᠪᠤᠯ ᠤᠯᠤᠰ ᠣᠷᠣᠨ ᠤ ᠣᠷᠳᠣ ᠣᠳᠠᠭᠠᠨ | ᠬᠤᠭᠤᠴᠠᠭᠠᠨ ᠤ ᠠᠮᠣᠷ ᠲᠦᠪᠰᠢᠨ ᠲᠠᠢ ᠬᠤᠯᠪᠤᠬᠳᠠᠵᠦ᠂ ᠠᠵᠦ ᠠᠬᠤᠢ ᠨᠡᠶᠢᠭᠡᠮ ᠤᠨ ᠬᠦᠭᠵᠢᠯᠳᠠ ᠪᠠ ᠠᠷᠠᠳ | ᠲᠦᠮᠡᠨ ᠤ ᠳᠣᠰ ᠪᠡᠶ᠎ᠡ ᠶᠢᠨ ᠠᠰᠢᠭ ᠲᠤᠰᠠ ᠲᠠᠢ ᠬᠤᠯᠪᠤᠬᠳᠠᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ᠂ | ᠵᠠᠰᠠᠬ ᠤᠨ ᠤᠷᠳᠤᠨ ᠤᠯᠤᠰ ᠤᠨ ᠪᠦᠬᠦᠯᠢ ᠴᠤᠬᠴᠠ ᠶᠢᠨ ᠠᠮᠤᠷ ᠲᠦᠪᠰᠢᠨ ᠤ ᠦᠵᠡᠯᠳᠡ ᠪᠠ ᠰᠦᠯᠵᠢᠶ᠎ᠡ ᠶᠢᠨ | ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ ᠦᠨᠳᠤᠷᠴᠡ ᠠᠴᠠ ᠲᠠᠨᠢᠯᠳᠠ ᠪᠠᠨ ᠴᠢᠨᠠᠬᠰᠢᠳᠠ ᠲᠡᠭᠡᠭᠰᠢᠯᠡᠬᠦᠯᠵᠦ᠂ | ᠰᠦᠯᠵᠢᠶ᠎ᠡ ᠶᠢᠨ ᠠᠮᠤᠷ ᠲᠦᠪᠰᠢᠨ ᠤ ᠪᠠᠶᠢᠳᠠᠯ ᠢ ᠣᠬᠠᠨ ᠮᠡᠳᠡᠬᠦ ᠪᠠ ᠤᠷᠢᠳᠴᠢᠯᠠᠨ ᠰᠡᠷᠭᠡᠶᠢᠯᠡᠬᠦ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠦ᠂ ᠬᠡᠷᠡᠭᠯᠡᠭᠴᠢ ᠶᠢᠨ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ | ᠴᠢᠨᠠᠬᠰᠢᠳᠠ ᠴᠢᠩᠭᠠᠳᠬᠠᠵᠦ᠂ ᠰᠦᠯᠵᠢᠶ᠎ᠡ ᠶᠢᠨ ᠠᠮᠤᠷ ᠲᠦᠪᠰᠢᠨ ᠤ ᠴᠢᠳᠠᠪᠤᠷᠢᠳᠠᠨ ᠢ ᠬᠦᠮᠦᠵᠢᠭᠦᠯᠭᠦ ᠠᠵᠢᠯ ᠢ | ᠲᠡᠭᠡᠳᠤ ᠬᠡᠮᠵᠢᠶ᠎ᠠ ᠪᠠᠷ ᠬᠦᠨᠳᠦᠳᠭᠡᠵᠦ᠂ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠴᠢᠩᠭᠠᠳᠬᠠᠵᠦ᠂ ᠬᠠᠤᠯᠢ | ᠴᠠᠭᠠᠵᠠ ᠶᠢ ᠲᠤᠤᠱᠯᠠᠭᠤᠯᠵᠦ ᠬᠡᠷᠡᠭᠵᠢᠭᠦᠯᠭᠦ ᠶᠢ ᠬᠠᠮᠳᠤᠪᠠᠷ ᠠᠬᠢᠭᠤᠯᠵᠦ᠂ ᠰᠦᠯᠵᠢᠶ᠎ᠡ ᠶᠢᠨ ᠠᠮᠤᠷ ᠲᠦᠪᠰᠢᠨ ᠢ | ᠪᠠᠳᠤᠯᠠᠬᠤ ᠲᠦᠪᠰᠢᠨ ᠢᠶᠠᠨ ᠲᠡᠭᠡᠭᠰᠢᠯᠡᠭᠦᠯᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠭᠡᠵᠦ ᠴᠢᠬᠤᠯᠠᠴᠢᠯᠠᠪᠠ᠃ | ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠢ | ᠲᠦᠯᠦᠭᠡᠯᠡᠨ ᠪᠠᠶᠢᠴᠠᠭᠠᠬᠤ ᠳᠤᠭᠤᠶᠢᠯᠠᠩ ᠤᠨ ᠬᠦᠷᠴᠤ ᠢᠷᠡᠭᠰᠡᠨ ᠢ ᠤᠬᠳᠤᠵᠦ ᠪᠠᠶᠢᠬᠤ ᠪᠠᠨ ᠢᠯᠡᠷᠬᠡᠶᠢᠯᠡᠪᠡ᠃ | ᠲᠡᠷᠡ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠦᠪᠤᠷ ᠮᠤᠩᠭᠤᠯ ᠳᠤ ᠬᠦᠷᠴᠤ ᠢᠷᠡᠭᠰᠡᠨ ᠨᠢ | ᠮᠠᠨ ᠤ ᠤᠷᠤᠨ ᠤ ᠠᠵᠢᠯ ᠢ ᠬᠦᠴᠦᠳᠠᠢ ᠠᠬᠢᠭᠤᠯᠬᠤ ᠪᠤᠯᠤᠨ᠎ᠠ᠂ ᠪᠢᠳᠠ ᠡᠭᠦᠨ ᠢᠶᠠᠷ ᠠᠵᠠ ᠲᠤᠬᠢᠶᠠᠯ ᠪᠤᠯᠭᠠᠵᠦ᠂ | ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠦ᠂ ᠬᠠᠤᠯᠢ ᠬᠡᠷᠡᠭᠵᠢᠭᠦᠯᠬᠦ ᠶᠠᠪᠤᠴᠠ ᠳᠠᠬᠢ | ᠬᠢᠨᠠᠯᠳᠠ ᠶᠢ ᠴᠢᠩᠭᠠᠷᠠᠭᠤᠯᠵᠦ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠡᠯ᠎ᠠ ᠵᠦᠢᠯ ᠤᠨ ᠠᠵᠢᠯ | ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠤ ᠳᠤ ᠰᠠᠶᠢᠨ ᠰᠠᠶᠢᠬᠠᠨ ᠰᠦᠯᠵᠢᠶ᠎ᠡ ᠶᠢᠨ ᠣᠷᠣᠨ ᠵᠠᠢ ᠶᠢᠨ ᠠᠮᠢ ᠠᠬᠤᠢ᠂ ᠨᠠᠶᠢᠳᠠᠪᠤᠷᠢᠲᠠᠢ | ᠰᠦᠯᠵᠢᠶ᠎ᠡ ᠶᠢᠨ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠨ᠎ᠠ ᠭᠡᠵᠦ ᠵᠢᠭᠠᠵᠦ ᠭᠠᠷᠭᠠᠪᠠ᠃ | ᠬᠤᠷᠴᠡ᠂ ᠡᠨᠡ ᠣᠳᠠᠭ᠎ᠠ ᠶᠢᠨ ᠪᠠᠶᠢᠴᠠᠭᠠᠯᠲᠠ ᠪᠠᠷ ᠠᠵᠠ ᠲᠤᠬᠢᠶᠠᠯ ᠪᠤᠯᠭᠠᠵᠦ᠂ ᠰᠤᠷᠤᠯᠴᠠᠨ ᠤᠬᠠᠭᠤᠯᠬᠤ | ᠪᠠ ᠲᠤᠤᠱᠯᠠᠭᠤᠯᠣᠨ ᠬᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠵᠣ᠂ ᠠᠷᠠᠳ ᠤᠯᠠᠨ ᠤ ᠰᠦᠯᠵᠢᠶ᠎ᠡ ᠶᠢᠨ ᠠᠮᠤᠷ | ᠲᠦᠪᠰᠢᠨ ᠤ ᠠᠵᠢᠯ ᠤᠨ ᠲᠤᠬᠠᠢ ᠠᠩᠬᠠᠷᠤᠯ ᠳᠤ ᠢᠳᠡᠪᠭᠢᠳᠠᠢ ᠬᠠᠷᠢᠭᠤᠯᠳᠠ ᠦᠭᠴᠤ᠂ ᠰᠦᠯᠵᠢᠶ᠎ᠡ ᠶᠢᠨ | ᠬᠢᠨᠠᠯᠳᠠ ᠶᠢ ᠴᠢᠩᠭᠠᠳᠬᠠᠵᠦ᠂ ᠰᠦᠯᠵᠢᠶ᠎ᠡ ᠶᠢᠨ ᠤᠷᠤᠨ ᠵᠡᠢ ᠶᠢ ᠴᠡᠪᠡᠷᠰᠢᠭᠦᠯᠵᠦ᠂ ᠢᠮᠠᠬᠳᠠ ᠪᠠᠶᠢᠯᠳᠤᠬᠤ ᠪᠤᠳᠤᠯᠭ᠎ᠠ | ᠪᠠ ᠪᠦᠭᠦ ᠲᠠᠯ᠎ᠠ ᠶᠢᠨ ᠦᠨᠳᠦᠷᠴᠡ ᠠᠴᠠ ᠰᠦᠯᠵᠢᠶ᠎ᠡ ᠶᠢᠨ ᠠᠮᠤᠷ ᠲᠦᠪᠰᠢᠨ ᠤ ᠠᠰᠠᠭᠤᠳᠠᠯ ᠳᠤ ᠬᠠᠨᠳᠤᠵᠦ᠂ | ᠦᠪᠤᠷ ᠮᠤᠩᠭᠤᠯ ᠤᠨ ᠰᠦᠯᠵᠢᠶ᠎ᠡ ᠶᠢᠨ ᠠᠮᠤᠷ ᠲᠦᠪᠰᠢᠨ ᠤ ᠠᠵᠢᠯ ᠰᠢᠨ᠎ᠠ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ ᠭᠡᠵᠦ ᠢᠯᠡᠷᠬᠡᠶᠢᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠬᠦᠬᠡᠬᠤᠳᠠ ᠶᠢᠨ ᠠᠷᠠᠳ ᠤᠨ ᠵᠠᠰᠠᠬ ᠤᠨ ᠤᠷᠳᠤᠨ᠂ ᠦᠪᠡᠷᠳᠡᠭᠡᠨ ᠵᠠᠰᠠᠬᠤ | ᠤᠷᠤᠨ ᠤ ᠢᠨᠲ᠋ᠧᠷ ᠰᠦᠯᠵᠢᠶ᠎ᠠ ᠶᠢᠨ ᠮᠡᠳᠡᠭᠡ ᠵᠠᠩᠭᠢ ᠶᠢᠨ ᠠᠯᠪᠠᠨ ᠭᠡᠷ᠂ ᠦᠪᠡᠷᠳᠡᠭᠡᠨ ᠵᠠᠰᠠᠬᠤ ᠤᠷᠤᠨ ᠤ ᠠᠷᠠᠳ | ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ | ᠲᠢᠩᠭᠢᠮ ᠵᠡᠷᠭᠡ ᠰᠠᠯᠠᠭ᠎ᠠ ᠮᠦᠴᠢᠷ ᠲᠤᠰ ᠲᠤᠰ ᠲᠤᠤᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢᠶᠠᠨ ᠬᠠᠷᠢᠭᠤ | ᠮᠡᠳᠡᠭᠦᠯᠵᠠᠢ᠃ | ᠪᠠᠶᠢᠴᠠᠭᠠᠬᠤ ᠬᠤᠭᠤᠴᠠᠭᠠᠨ ᠳᠠᠭᠠᠨ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠤᠨ ᠬᠢᠨ | ᠬᠦᠬᠡᠬᠤᠳᠠ᠂ ᠪᠤᠭᠤᠳᠤ᠂ ᠤᠷᠳᠤᠰ ᠬᠤᠳᠠ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠬᠤ ᠪᠤᠯᠤᠨ᠎ᠠ᠃ |