ᠦᠬᠠᠶ ᠬᠤᠳᠠ ᠠᠭᠤᠷᠬᠠᠶ ᠶᠢᠨ ᠣᠷᠣᠨ ᠤ ᠪᠣᠬᠢᠷᠲᠤᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2017/9/7
     ᠡᠨᠡ ᠵᠢᠯ ᠠᠴᠠ ᠨᠠᠰᠢ᠂ ᠦᠬᠠᠶ ᠬᠤᠲᠠ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠤᠨ ᠲᠣᠭᠤᠷᠢᠨ ᠎ ᠳᠤ᠂  ᠠᠭᠤᠷᠬᠠᠶ ᠶᠢᠨ ᠣᠷᠣᠨ ᠤ ᠪᠣᠬᠢᠷᠲᠤᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠵᠣᠬᠢᠶᠠᠨ  ᠪᠠᠶᠢᠭᠤᠯᠵᠤ ᠥᠷᠨᠢᠭᠦᠯᠪᠡ᠃      ᠡᠨᠡ ᠵᠢᠯ᠂ ᠦᠬᠠᠶ ᠬᠤᠳᠠ ︽ᠦᠬᠠᠶ ᠬᠤᠲᠠ ᠶᠢᠨ 2017 ᠣᠨ ᠤ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠡᠷᠡᠭᠵᠢᠭᠦᠯᠬᠦ ᠲᠥᠯᠥᠪᠯᠡᠭᠡ︾ ︽ᠦᠬᠠᠶ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠯ ᠤᠨ ᠴᠢᠭ᠋ ᠢ ᠵᠠᠰᠠᠬᠤ ᠲᠥᠰᠦᠯ︾ ᠵᠡᠷᠭᠡ ᠠᠯᠢ ᠤᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠪᠠ᠃ ᠨᠡᠭᠦᠷᠡᠰᠦᠨ ᠤ ᠵᠠᠬ᠎ᠠ ᠳᠡᠯᠭᠡᠭᠦᠷ ᠤᠨ ᠰᠠᠶᠢᠵᠢᠷᠠᠯᠲᠠ ᠠᠴᠠ ᠪᠣᠯᠵᠤ ᠪᠦᠬᠦ ᠬᠤᠲᠠ ᠶᠢᠨ ᠠᠭᠠᠷ ᠤᠨ  ᠴᠡᠪᠡᠷᠴᠡ ᠰᠦᠷᠡᠬᠡᠢ ᠮᠠᠭᠤᠲᠠᠵᠤ ᠪᠠᠶᠢᠬᠤ ᠬᠠᠨᠳᠤᠰᠢ ᠶᠢ ᠬᠤᠷᠢᠭᠯᠠᠬᠤ ᠶᠢᠨ ᠲᠤᠰᠠᠳᠠ᠂ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ᠂ ᠦᠬᠠᠶ ᠬᠤᠳᠠ ︽ᠠᠭᠤᠷᠬᠠᠶ ᠶᠢᠨ ᠣᠷᠣᠨ ᠤ ᠲᠣᠭᠤᠰᠣᠨ ᠤ ᠪᠣᠬᠢᠷᠲᠤᠯ ᠢ ᠲᠥᠪᠯᠡᠷᠡᠭᠦᠯᠦᠨ ᠵᠠᠰᠠᠵᠤ ᠴᠡᠭᠴᠡᠯᠡᠬᠦ ᠶᠠᠪᠤᠳᠠᠯ ᠢ ᠳᠠᠷᠤᠶ ᠲᠦᠷᠭᠡᠨ ᠥᠷᠨᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠪᠦᠬᠦ ᠬᠤᠲᠠ ᠶᠢᠨ ᠵᠠᠳᠠᠭᠠᠶ ᠨᠡᠭᠦᠷᠡᠰᠦᠨ ᠠᠭᠤᠷᠬᠠᠶ ᠳᠤ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ 8 ᠴᠠᠭ ᠠᠴᠠ ᠳᠠᠷᠠᠭ᠎ᠠ ᠡᠳᠦᠷ ᠤᠨ ᠦᠳᠡ ᠶᠢᠨ ᠡᠮᠦᠨᠡᠬᠢ 8 ᠴᠠᠭ ᠬᠦᠷᠲᠡᠯ᠎ᠡ ᠪᠠᠷᠢᠯᠭ᠎ᠠ ᠶᠢᠨ ᠠᠵᠢᠯ ᠢ ᠴᠠᠭᠠᠵᠠᠯᠠᠬᠤ ᠵᠡᠷᠭᠡ ︽ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠬᠠᠮᠲᠤ ᠡᠳᠦᠷ ᠪᠠᠶᠢᠴᠠᠭᠠᠬᠤ ᠰᠥᠨᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠦᠬᠠᠶ ᠬᠤᠳᠠ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ︽ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾᠎ ᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠶᠢᠨ ᠣᠷᠣᠨ ᠤ ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠣᠳᠣᠬᠠᠨ ᠳᠤ 2 ᠠᠵᠤ ᠠᠬᠤᠶᠢᠯᠠᠯ 4 ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢ ᠵᠢᠷᠤᠮᠵᠢᠭᠤᠯᠤᠨ ᠵᠠᠰᠠᠬᠤ ᠠᠵᠢᠯ ᠢ ᠳᠠᠭᠤᠰᠬᠠᠵᠤ᠂ 4 ᠠᠵᠤ ᠠᠬᠤᠶᠢᠯᠠᠯ 11 ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢ ᠣᠳᠣ ᠶᠠᠭ ᠵᠣᠬᠢᠶᠠᠨ ᠪᠠᠶᠢᠭᠤᠯᠵᠤ ᠵᠠᠰᠠᠵᠤ ᠪᠠᠶᠢᠨ᠎ᠠ᠃      ᠡᠭᠦᠨ ᠠᠴᠠ ᠭᠠᠳᠠᠨ᠎ᠠ᠂ ᠦᠬᠠᠶ ᠬᠤᠳᠠ ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢᠨ ᠠᠶᠠᠨᠳᠠᠭᠠᠨ ᠤ ᠨᠣᠴᠣᠬᠤ ᠭᠠᠯ ᠢ ᠰᠥᠨᠥᠭᠡᠬᠦ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠣᠳᠣ᠂ ᠬᠠᠶᠢᠷᠦᠪ ᠤᠨ ᠲᠤᠬᠤᠢ ᠲᠣᠭᠤᠷᠢᠭ ᠤᠨ ᠮᠸᠢ ᠹᠠᠩ ᠬᠡᠰᠡᠭ ᠤᠨ ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ᠂ ᠬᠠᠶ ᠮᠧᠶ ᠰᠧ ᠬᠡᠰᠡᠭ ᠤᠨ ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢᠨ ᠭᠠᠯ ᠢ ᠰᠥᠨᠥᠭᠡᠬᠦ ᠪᠠᠷᠢᠯᠭ᠎ᠠ ᠶᠢᠨ ᠡᠭᠦᠷᠭᠡ ᠶᠢ ᠪᠦᠷᠢᠮᠦᠰᠦᠨ ᠪᠡᠶᠡᠯᠡᠭᠦᠯᠪᠡ︔ ᠤᠳᠠ ᠶᠢᠨ ᠲᠤᠭᠤᠷᠢᠭ ᠤᠨ ᠮᠠᠯᠲᠠᠵᠤ ᠭᠠᠷᠭᠠᠭᠰᠠᠨ ᠰᠢᠷᠣᠶ ᠶᠢᠨ ᠲᠠᠯᠠᠪᠠᠢ ᠶᠢᠨ ᠲᠡᠬᠢᠠ ᠨᠣᠴᠣᠬᠤ 46 ᠴᠢᠭ᠋ ᠤᠨ 45 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠵᠠᠰᠠᠪᠠ᠂ ᠬᠤᠸᠠ ᠶᠢᠨ ᠭᠤᠷᠪᠠᠳᠤᠭᠠᠷ ᠠᠭᠤᠷᠬᠠᠶ᠂ ᠬᠤᠸᠠ ᠶᠢᠨ ᠬᠤᠶᠠᠳᠤᠭᠠᠷ ᠠᠭᠤᠷᠬᠠᠶ᠂ ᠵᠢᠶᠠᠨ ᠠᠨ ᠨᠡᠭᠦᠷᠡᠰᠦᠨ ᠠᠭᠤᠷᠬᠠᠶ ᠶᠢᠨ 6.3 ᠲᠦᠮᠡᠨ ᠪᠣᠰᠤᠭ᠎ᠠ ᠳᠥᠷᠪᠡᠯᠵᠢᠨ ᠮᠧᠲᠷ ᠨᠡᠭᠦᠷᠡᠰᠦᠨ ᠳᠠᠪᠬᠤᠷᠭ᠎ᠠ ᠶᠢᠨ ᠠᠶᠠᠨᠳᠠᠭᠠᠨ ᠨᠣᠴᠣᠬᠤ ᠴᠢᠭ᠋ ᠢ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 178.17 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠶ ᠶᠢᠨ ᠲᠠᠯᠠᠪᠠᠢ ᠶᠢ ᠵᠠᠰᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号