ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 1 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-01-15
      1 ᠳ᠋ᠦ᠋ᠭᠡᠷ ᠰᠠᠷ᠎ᠠ ᠶᠢᠨ 14᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠬᠢᠨᠠᠭᠤᠯᠬᠤ ᠪᠠᠷ ᠲᠡᠪᠰᠢᠭᠦᠯᠭᠦ ᠨᠤᠤᠷᠠᠭ︶︾ ᠵᠡᠷᠭᠡ ᠵᠦᠢᠯᠡᠰ ᠢ ᠰᠤᠳᠤᠯᠪᠡ᠃      ᠬᠤᠷᠠᠯ ᠠᠴᠠ᠂ ᠵᠠᠰᠠᠭ ᠤᠨ ᠤᠷᠳᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠤᠯ᠂ ᠬᠠᠤᠯᠢ ᠳᠤ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠣᠯᠬᠤ ᠪᠦᠭᠡᠳ ᠠᠷᠠᠳ ᠲᠦᠮᠡᠨ ᠤ ᠬᠢᠨᠠᠯᠳᠠ ᠶᠢ ᠬᠦᠯᠢᠶᠡᠭᠦ ᠴᠢᠬᠤᠯᠠ ᠬᠡᠯᠪᠡᠷᠢ ᠪᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠲᠦᠪ ᠤᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ᠂ ᠰᠢᠨ᠎ᠠ ᠬᠦᠭᠵᠢᠯᠳᠡ ᠶᠢᠨ ᠣᠨᠤᠯᠵᠢᠬᠤᠨ᠂ ᠠᠷᠠᠳ ᠲᠦᠮᠡᠨ ᠢᠶᠠᠷ ᠭᠤᠤᠯ ᠪᠤᠯᠭᠠᠬᠤ᠂ ᠴᠢᠨᠠᠷ ᠰᠠᠶᠢᠳᠠᠢ ᠬᠦᠭᠵᠢᠬᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠵᠢᠴᠢ ᠭᠤᠷᠪᠠᠨ ᠰᠢᠪᠲᠤᠯᠤᠯᠲᠠ ᠶᠢ ᠲᠤᠪᠤᠶᠢᠮ᠎ᠠ ᠰᠠᠶᠢᠳᠤᠷ ᠬᠢᠭᠦ ᠵᠡᠷᠭᠡ ᠱᠠᠭᠠᠷᠳᠠᠯᠭ᠎ᠠ ᠶᠢ ᠨᠡᠶᠢᠳᠡᠪᠦᠷᠢᠵᠢᠭᠤᠯᠵᠤ᠂ ᠲᠦᠪ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠢ ᠨᠢᠬᠳᠠ ᠤᠶᠠᠯᠳᠤᠭᠤᠯᠵᠤ᠂ ᠢᠯᠡ ᠲᠤᠳᠤ ᠠᠰᠠᠭᠤᠳᠠᠯ ᠤᠨ ᠤᠳᠤᠷᠢᠳᠤᠮᠵᠢ ᠪᠤᠯᠤᠨ ᠬᠠᠷᠠᠯᠳᠠ ᠶᠢᠨ ᠤᠳᠤᠷᠢᠳᠤᠮᠵᠢ ᠶᠢ ᠢᠯᠡᠷᠡᠭᠦᠯᠵᠦ᠂ ᠠᠮᠵᠢᠯᠳᠡ ᠪᠠᠨ ᠳ᠋ᠦᠩᠨᠡᠨ᠂ ᠠᠰᠠᠭᠤᠳᠠᠯ ᠢᠶᠠᠨ ᠵᠠᠳᠠᠯᠬᠤ ᠳᠤ ᠦᠨᠡᠨ ᠠᠴᠠ ᠵᠦᠪ ᠢ ᠡᠷᠢᠵᠤ᠂ ᠠᠵᠢᠯ ᠢᠶᠠᠨ ᠲᠤᠬᠢᠷᠠᠭᠤᠯᠬᠤ ᠳᠤ ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠪᠠ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠢᠯᠡᠷᠡᠭᠦᠯᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠱᠠᠭᠠᠷᠳᠠᠯᠭ᠎ᠠ ᠶᠢ ᠢᠯᠡᠷᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠳᠡ ᠶᠢᠨ ᠵᠢᠯ ᠪᠣᠯᠣᠨ᠎ᠠ᠂ ᠮᠦᠨᠴᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠵᠢᠯ ᠪᠤᠯᠤᠨ᠎ᠠ᠃ 2017 ᠣᠨ ᠪᠠ ᠲᠠᠪᠤᠨ ᠵᠢᠯ ᠤᠨ ᠲᠤᠷᠰᠢᠬᠢ ᠠᠵᠢᠯ ᠢᠶᠠᠨ ᠰᠠᠶᠢᠳᠤᠷ ᠳ᠋ᠦᠩᠨᠡᠵᠤ᠂ ᠡᠨᠡ ᠵᠢᠯ ᠤᠨ ᠠᠵᠢᠯ ᠳᠠᠬᠢ ᠰᠠᠨᠠᠭᠤᠯᠭ᠎ᠠ ᠶᠢ ᠰᠠᠶᠢᠳᠤᠷ ᠰᠤᠳᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠰᠠᠶᠢᠳᠤᠷ ᠡᠬᠢᠯᠡᠭᠦᠯᠭᠦ ᠪᠤᠯ ᠳᠣᠰ ᠬᠤᠭᠤᠴᠠᠭᠠᠨ ᠤ ᠵᠠᠰᠠᠭ ᠤᠨ ᠤᠷᠳᠤᠨ ᠤ ᠵᠠᠪᠠᠯ ᠰᠠᠶᠢᠳᠤᠷ ᠬᠦᠢᠴᠡᠳᠭᠡᠭᠦ ᠴᠢᠬᠤᠯᠠ ᠬᠠᠷᠢᠭᠤᠴᠠᠯᠭ᠎ᠠ ᠪᠤᠯᠤᠨ᠎ᠠ᠃ ᠰᠠᠶᠢᠨ ᠢᠯᠡᠳᠭᠡᠯ ᠢ ᠲᠤᠭᠤᠷᠪᠢᠬᠤ ᠪᠠᠷ ᠲᠠᠮᠵᠢᠭᠤᠯᠣᠨ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠯᠠᠭᠤᠨ ᠰᠡᠳᠬᠢᠯᠭᠡ ᠶᠢ ᠪᠦᠳᠦᠮᠵᠢᠳᠡᠢ ᠬᠦᠭᠵᠢᠭᠡᠵᠤ᠂ ᠪᠦᠬᠦ ᠤᠷᠤᠨ ᠲᠠᠶᠠᠭᠠᠷ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠤᠨ᠂ ᠰᠢᠨ᠎ᠠ ᠴᠠᠭ ᠦᠶ᠎ᠡ ᠶᠢᠨ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠦᠢᠯᠡᠰ ᠤᠨ ᠰᠢᠨ᠎ᠠ ᠲᠦᠪᠰᠢᠨ ᠳᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号