ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/1/15
      1 ᠳ᠋ᠤᠭᠡᠷ ᠰᠠᠷ᠎ᠠ ᠶᠢᠨ 14᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠯᠢ ᠵᠢᠢ ᠾᠧᠩ ᠶᠠᠷᠢᠶ᠎ᠠ ᠲᠠᠯᠪᠢᠪᠠ᠃ ᠳᠡᠷᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠤ᠂ ᠰᠢᠨ᠎ᠠ ᠴᠠᠭ ᠦᠶ᠎ᠠ ᠶᠢᠨ ᠮᠠᠨ ᠤ ᠤᠷᠤᠨ ᠤ ︽ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾᠎ ᠤ ᠬᠦᠭᠵᠢᠯᠳᠡ ᠶᠢᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠲᠡᠭᠦᠰᠭᠦ ᠦᠶ᠎ᠠ ᠳᠤ ᠳ᠋ᠦᠩᠨᠡᠯᠳᠡ ᠶᠢᠨ ᠶᠠᠷᠢᠶ᠎ᠠ ᠲᠠᠯᠪᠢᠪᠠ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠮᠤᠵᠢ ᠶᠢᠨ ᠲᠡᠰ ᠤᠨ ᠤᠳᠤᠷᠢᠳᠬᠤ ᠨᠦᠬᠦᠳ ᠬᠤᠷᠠᠯ ᠳᠤ ᠤᠷᠤᠯᠴᠠᠵᠤ᠂ ᠡᠯ᠎ᠠ ᠠᠶᠢᠮᠠᠭ ᠬᠤᠳᠠ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠣ ᠪᠠᠶᠢᠭ᠎ᠠ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠨᠢᠭᠡᠴᠡ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃      ᠯᠢ ᠵᠢᠢ ᠾᠧᠩ ᠵᠢᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠪᠠᠷ ᠲᠤᠷᠠᠳᠤᠬᠰᠠᠨ ᠨᠢ᠂ ᠮᠠᠨ ᠤ ᠤᠯᠤᠰ ᠎ ᠤᠨ ︽ᠬᠦᠳᠡᠭᠡ ᠠᠵᠦ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠬᠦᠭᠵᠢᠯᠳᠡ ᠶᠢᠨ ᠠᠬᠢᠴᠠ ᠳᠤ ᠴᠠᠭ ᠦᠶ᠎ᠡ ᠶᠢ ᠵᠠᠭᠠᠭᠯᠠᠭᠰᠠᠨ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ᠃ ᠶᠡᠷᠦᠩᠭᠡᠢ ᠱᠦᠵᠢ ᠰᠢ ᠶᠢᠨ ᠫᠢᠩ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶ᠎ᠠ ᠳᠠᠭᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠤᠬᠳᠠᠯ ᠪᠤᠯᠤᠨ ᠰᠢᠨᠵᠢᠯᠡᠭᠦ ᠤᠬᠠᠭᠠᠨᠴᠢ ᠲᠤᠳᠤᠭᠠᠳᠦ ᠠᠭᠤᠯᠬᠤᠨ ᠢ ᠬᠦᠨᠵᠡᠭᠡᠢ ᠦᠭᠦᠯᠡᠨ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠣᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠪᠡ᠂ ᠡᠨᠡ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ᠂ ᠰᠢᠨ᠎ᠠ ᠴᠠᠭ ᠦᠶ᠎ᠠ ᠶᠢᠨ ︽ᠬᠦᠳᠡᠭᠡ ᠠᠵᠦ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠭᠦ ᠬᠦᠳᠦᠯᠪᠦᠷᠢ ᠶᠢᠨ ᠴᠢᠨᠠᠷᠳᠠᠢ ᠰᠤᠷᠪᠤᠯᠵᠢ ᠪᠢᠴᠢᠭ ᠪᠤᠯᠤᠨ᠎ᠠ᠂ ᠪᠢᠳᠡ ᠬᠦᠨᠵᠡᠭᠡᠢ ᠰᠤᠷᠤᠯᠴᠠᠨ ᠤᠶᠢᠯᠠᠭᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠠᠵᠤ ᠦᠢᠯᠡᠰ ᠬᠦᠭᠵᠢᠭᠰᠡᠨ᠂ ᠠᠮᠢ ᠠᠬᠤᠢ ᠤᠷᠤᠰᠢᠨ ᠰᠠᠭᠤᠬᠤ ᠳᠤ ᠲᠠᠭᠠᠯᠠᠮᠵᠢᠳᠡᠢ᠂ ᠨᠣᠳᠤᠭ ᠤᠨ ᠵᠠᠩᠰᠢᠯ ᠪᠤᠯᠪᠠᠰᠤᠨ᠂ ᠵᠠᠰᠠᠯᠳᠠ ᠦᠷ᠎ᠠ ᠪᠦᠳᠦᠮᠵᠢᠳᠡᠢ᠂ ᠠᠮᠢᠳᠤᠷᠠᠯ ᠴᠢᠨᠡᠭᠡᠯᠢᠭᠵᠢᠭᠰᠡᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠬᠤᠳᠠ ᠬᠦᠳᠡᠭᠡ ᠶᠢᠨ ᠠᠭᠤᠰᠤᠯᠴᠠᠨ ᠬᠦᠭᠵᠢᠭᠦ ᠶᠢ ᠬᠦᠴᠦᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠬᠦᠳᠡᠭᠡ ᠲᠤᠰᠬᠤᠨ ᠤ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠵᠤ᠂ ᠬᠦᠳᠡᠭᠡ ᠲᠤᠰᠬᠤᠨ ᠤ ᠰᠤᠶᠤᠯ ᠤᠨ ᠴᠡᠴᠡᠭᠯᠡᠯᠳᠡ ᠮᠠᠨᠳᠣᠯᠳᠠ ᠶᠢ ᠠᠬᠢᠭᠤᠯᠵᠤ᠂ ᠬᠦᠳᠡᠭᠡ ᠳᠣᠰᠬᠤᠨ ᠤ ᠵᠠᠰᠠᠯᠳᠠ ᠶᠢ ᠴᠢᠩᠭᠠᠳᠬᠠᠨ ᠰᠢᠨ᠎ᠡ ᠶᠢ ᠡᠭᠦᠳᠴᠦ᠂ ᠲᠤᠶᠢᠯ ᠎ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠠᠶᠢᠳᠤᠷ ᠬᠢᠵᠤ᠂ ︽ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾᠎ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨᠭᠦ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠤᠨ ᠪᠦᠬᠦ ᠲᠠᠯ᠎ᠠ ᠪᠠᠷ ᠲᠡᠰ ᠲᠡᠪᠰᠢᠭᠦ ᠂ ᠮᠠᠯᠵᠢᠬᠤ ᠲᠠᠷᠢᠶᠠᠯᠠᠬᠤ ᠤᠷᠤᠨ ᠤ ᠪᠦᠬᠦ ᠲᠠᠯ᠎ᠠ ᠪᠠᠷ ᠲᠡᠪᠰᠢᠬᠤ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠢ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠨ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ ᠲᠤᠬᠠᠶᠢᠯᠠᠬᠰᠠᠨ ᠠᠵᠢᠯ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠎ ᠢ ᠠᠮᠤᠷ ᠵᠢᠷᠭᠠᠨ ᠠᠵᠤ ᠲᠦᠷᠦᠭᠦ ᠦᠵᠡᠰᠭᠦᠯᠡᠩᠳᠦ ᠰᠠᠶᠢᠬᠠᠨ ᠬᠡᠷ ᠤᠷᠤᠨ ᠪᠤᠯᠭᠠᠬᠤ ᠬᠡᠷᠡᠭᠳᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠎ ᠢ ᠤᠷᠢᠳᠠᠪᠡᠷ ᠬᠦᠭᠵᠢᠭᠦᠯᠭᠦ ᠶᠢ ᠪᠠᠷᠢᠮᠳᠠᠯᠠᠵᠤ᠂ ᠬᠤᠳᠠ ᠬᠦᠳᠡᠭᠡ ᠠᠭᠤᠰᠤᠯᠴᠠᠨ ᠬᠦᠭᠵᠢᠭᠦ ᠪᠠᠶᠢᠭᠤᠯᠤᠮᠵᠢ ᠲᠤᠬᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠳᠠ ᠶᠢ ᠨᠡᠮᠡᠭᠳᠡᠭᠦᠯᠭᠦ ᠪᠠᠷ ᠤᠳᠤᠷᠢᠳᠤᠮᠵᠢ ᠪᠤᠯᠭᠠᠵᠣ ᠪᠠᠶᠢᠭᠰᠠᠨ ᠠᠴᠠ ᠪᠠᠨ ᠶᠠᠰᠦ ᠴᠢᠨᠠᠷ ᠢ ᠲᠡᠭᠡᠭᠰᠢᠯᠡᠭᠦᠯᠭᠦ ᠪᠠᠷ ᠤᠳᠤᠷᠢᠳᠤᠮᠵᠢ ᠪᠤᠯᠭᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠪᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠬᠦᠳᠦᠯᠦᠨ ᠲᠠᠭᠠᠭᠤᠯᠵᠤ᠂ ᠬᠦᠳᠡᠭᠡ ᠳᠣᠰᠬᠤᠨ ᠤ ᠰᠤᠶᠤᠯ ᠤᠨ ᠪᠠᠶᠢᠭᠤᠯᠤᠯᠳᠠ ᠶᠢ ᠪᠠᠶᠢᠪᠠᠰᠣ ᠵᠤᠬᠢᠬᠤ ᠪᠠᠶᠢᠷᠢᠨ ᠳᠤᠨᠢ ᠲᠠᠯᠪᠢᠬᠤ ᠬᠡᠷᠡᠭᠳᠡᠢ᠃ ᠲᠦᠯᠦᠪᠵᠢᠭᠦᠯᠭᠡ ᠪᠠᠷ ᠬᠦᠳᠦᠯᠦᠨ ᠲᠠᠭᠠᠭᠤᠯᠬᠤ ᠪᠠ ᠡᠮᠬᠢ ᠵᠢᠷᠤᠮ ᠲᠠᠢ ᠠᠬᠢᠭᠤᠯᠬᠤ ᠶᠢ ᠪᠠᠷᠢᠮᠳᠠᠯᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠢᠭᠡᠳ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠢᠭᠡᠳᠦᠯᠳᠡᠢ ᠲᠦᠯᠦᠪᠵᠢᠭᠦᠯᠭᠦ ᠶᠢ ᠰᠠᠶᠢᠳᠤᠷ ᠠᠳᠬᠤᠬᠤ ᠬᠡᠷᠡᠭᠳᠡᠢ ᠭᠡᠵᠡᠢ᠃      ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠰᠠᠨᠠᠯ ︵ᠶᠠᠷᠢᠯᠴᠠᠬᠤ ᠨᠤᠤᠷᠠᠭ︶︾᠎ ᠢ ᠶᠠᠷᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号