︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ︵2018 —2022 ᠣᠨ︶ ᠤᠨ ᠬᠠᠤᠯᠢ ᠲᠣᠭᠲᠠᠭᠠᠬᠤ ᠲᠥᠯᠥᠪᠵᠢᠭᠦᠯᠭᠡ ︵ᠲᠥᠰᠦᠯ︶︾ ᠳᠤ ᠢᠯᠡ ᠪᠠᠷ ᠰᠠᠨᠠᠯ ᠬᠤᠷᠢᠶᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2018/1/15
      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2017 ᠣᠨ ᠤ 6 ᠳ᠋ᠤᠭᠠᠷ ᠰᠠᠷ᠎ᠠ ᠠᠴᠠ ᠡᠬᠢᠯᠡᠨ ᠲᠠᠪᠤᠨ ᠵᠢᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠭᠤᠯᠭ᠎ᠠ ᠶᠢ ᠢᠯᠡ ᠪᠠᠷ ᠴᠤᠭᠯᠠᠭᠤᠯᠤᠭᠰᠠᠨ ᠠᠴᠠ ᠨᠠᠰᠢ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠦᠴᠦᠲᠡᠶ ᠳᠡᠮᠵᠢᠯᠭᠡ ᠶᠢ ᠣᠯᠵᠤ᠂ ᠨᠡᠶᠢᠲᠡ 92 ᠵᠦᠢᠯ ᠤᠨ ᠬᠠᠤᠯᠢ ᠲᠣᠭᠲᠠᠭᠠᠬᠤ ᠰᠠᠨᠠᠭᠤᠯᠭ᠎ᠠ ᠴᠤᠭᠯᠠᠭᠤᠯᠤᠭᠰᠠᠨ ᠪᠠᠶᠢᠨ᠎ᠠ᠃ ᠬᠤᠯᠪᠣᠭᠳᠠᠯ ᠪᠦᠬᠦᠢ ᠲᠣᠭᠲᠠᠭᠠᠯ ᠪᠠ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠢ ᠭᠦᠨᠵᠡᠭᠡᠶᠢᠷᠡᠭᠦᠯᠬᠦ ᠲᠤᠬᠠᠶ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠪᠠᠨ ᠴᠢᠩᠭᠠᠳᠬᠠᠵᠦ᠂ ᠪᠠᠲᠤᠯᠠᠭ᠎ᠠ ᠪᠠᠨ ᠲᠥᠷᠭᠡᠳᠬᠡᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠤᠨ ᠰᠢᠨᠡᠴᠢᠯᠡᠯᠲᠡ ᠶᠢ ᠠᠬᠢᠭᠤᠯᠵᠦ᠂ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠢ ᠪᠣᠢ ᠪᠣᠯᠭᠠᠵᠦ᠂ ᠨᠡᠩ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠶᠳᠪᠦᠷᠢᠲᠦ ᠢᠯᠠᠯᠲᠠ ᠶᠢ ᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠣᠯᠭᠤᠬᠤ ᠦᠨᠳᠦᠰᠦᠨ ᠰᠡᠳᠬᠢᠴᠡ ᠶᠣᠰᠣᠭᠠᠷ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠲᠠᠬᠢᠨ ᠳᠠᠪᠲᠠᠨ ᠵᠥᠪᠳᠡᠯᠴᠡᠵᠦ ᠪᠠᠶᠢᠭᠠᠳ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ︵2018 —2022 ᠣᠨ︶ ᠤᠨ ᠬᠠᠤᠯᠢ ᠲᠣᠭᠲᠠᠭᠠᠬᠤ ᠲᠥᠯᠥᠪᠵᠢᠭᠦᠯᠭᠡ ︵ᠲᠥᠰᠦᠯ︶︾ ᠶᠢ ᠳᠤᠷᠠᠳᠤᠨ ᠭᠠᠷᠭᠠᠪᠠ᠃ ᠤᠳᠤ ᠲᠤᠰ ᠲᠥᠰᠦᠯ ᠤᠨ ᠪᠦᠬᠦ ᠠᠭᠤᠯᠭ᠎ᠠ ᠶᠢ ᠨᠡᠶᠢᠲᠡᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠤᠯᠠᠮ ᠨᠢᠭᠡ ᠠᠯᠬᠤᠮ ᠬᠦᠯᠢᠶᠡᠨ ᠠᠪᠬᠤ ᠪᠠᠷ ᠪᠣᠯᠪᠠ᠂ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠺᠣᠮᠢᠰ ᠲᠤ ᠰᠠᠨᠠᠯ ᠢᠶᠠᠨ ᠲᠤᠰᠬᠠᠬᠤ ᠪᠣᠯᠪᠠᠤ᠃      ᠬᠠᠷᠢᠯᠴᠠᠬᠤ ᠬᠥᠮᠦᠨ᠄ ᠵᠢᠶᠠᠩ ᠯᠢ ᠬᠤᠸᠠ      ᠬᠠᠷᠢᠯᠴᠠᠬᠤ ᠤᠲᠠᠰᠤ᠄ 0471 — 6600643 ︵ᠹᠠᠺᠰ︶      ᠡᠯᠧᠺᠲᠷᠣᠨ ᠰᠢᠦᠳᠠᠨ ᠬᠠᠶᠢᠷᠴᠠᠭ᠄ jlh_925319@126.com      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠵᠦᠩ ᠱᠠᠨ ᠵᠡᠭᠦᠨ ᠵᠠᠮ ᠤᠨ 3 ᠳ᠋ᠤᠭᠠᠷ ᠨᠣᠮᠧᠷ      ᠰᠢᠦᠳᠠᠨ ᠳ᠋ᠤᠭᠠᠷ᠄ 010020               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ                ᠤᠨ ᠶᠡᠭᠡ ᠬᠤᠷᠠᠯ ᠤᠨ ᠪᠠᠶᠢᠩᠭᠤ ᠵᠢᠨ‌ᠬᠤᠷᠢᠶ᠎ᠠ ᠶᠢᠨ ᠠᠯᠪᠠᠨ ᠲᠢᠩᠬᠢᠮ                          2018 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号