ᠪᠤᠭᠤᠲᠤ ᠬᠤᠲᠠ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠶᠢ ᠪᠦᠬᠦ ᠲᠠᠯ᠎ᠠ ᠪᠠᠷ ᠬᠦᠭᠵᠢᠬᠦᠯᠬᠦ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2018/1/16
      2017 ᠣᠨ ᠳᠤ᠂ ᠪᠤᠭᠤᠲᠤ ᠬᠤᠳᠠ ᠬᠤᠳᠠ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠦᠭᠵᠢᠬᠦᠯᠦᠯᠲᠡ ᠶᠢᠨ ᠪᠡᠯᠠ ᠮᠥᠩᠭᠦ 500 ᠲᠦᠮᠡᠨ ᠲᠥᠭᠦᠷᠢᠭ ᠲᠣᠬᠢᠷᠠᠭᠤᠯᠵᠤ᠂ ᠨᠡᠶᠢᠲᠡ 103 ᠲᠥᠷᠥᠯ ᠵᠦᠢᠯ ᠢ ᠬᠡᠷᠡᠭᠵᠢᠬᠦᠯᠪᠡ᠃ ᠲᠥᠷᠥᠯ ᠵᠦᠢᠯ ᠨᠢ ᠪᠥᠬᠦ ᠬᠤᠲᠠ ᠶᠢᠨ 10 ᠬᠤᠰᠢᠭᠤ ᠰᠢᠶᠠᠨ ᠲᠣᠭᠤᠷᠢᠭ ᠢ ᠬᠠᠮᠤᠷᠴᠤ᠂ ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠪᠤᠯᠤᠨ ᠦᠨᠳᠦᠰᠦᠲᠡᠨ ᠤ ᠣᠨᠴᠠᠯᠢᠭ ᠪᠦᠬᠦᠢ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶ᠎ᠡ ᠳᠤ ᠬᠤᠯᠪᠤᠭᠳᠠᠵᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠬᠦ ᠶᠢ ᠬᠦᠴᠦᠲᠡᠶ ᠲᠦᠯᠬᠢᠨ ᠠᠬᠢᠭᠤᠯᠪᠠ᠃ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠪᠠᠷ ᠳᠠᠮᠵᠢᠭᠤᠯᠤᠨ᠂ ᠦᠷ᠎ᠡ ᠠᠰᠢᠭ ᠢ ᠲᠡᠷᠢᠭᠦᠨ ᠳᠤ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠵᠢᠯᠤᠭᠤᠳᠤᠨ ᠠᠵᠤ ᠦᠢᠯᠡᠰ ᠢᠶᠠᠷ ᠪᠠᠶᠠᠵᠢᠭᠤᠯᠬᠤ ᠶᠢ ᠬᠡᠷᠡᠭᠵᠢᠬᠦᠯᠪᠡ᠃ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠠᠬᠤᠶ ᠨᠡᠶᠢᠭᠡᠮ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠎ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦᠨ ᠤ ᠲᠦᠷᠦᠯ ᠵᠦᠢᠯ ᠢᠶᠠᠷ ᠦᠨᠳᠦᠰᠦᠲᠡᠨ ᠤ ᠪᠦᠯᠬᠦᠮᠳᠡᠯ ᠪᠤᠯᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠤᠮᠦ ᠲᠦᠯᠬᠢᠭᠴᠢ ᠬᠦᠴᠦᠨ ᠪᠤᠯᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号