ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/1/16
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠦᠨ᠂ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠪᠣᠯᠣᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠳᠣᠷᠣᠭᠰᠢ ᠪᠠᠭᠤᠯᠭᠠᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠮᠲᠤᠷᠠᠨ ︽ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠲᠦᠷ ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ᠣᠷᠴᠢᠮ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠰᠤᠷᠪᠤᠯᠵᠢᠯᠠᠭᠴᠢ ᠎ ᠶᠢᠨ ᠠᠰᠠᠭᠤᠯᠲᠠ ᠶᠢ ᠬᠠᠷᠢᠭᠤᠯᠪᠠ᠃      1. ᠨᠡᠶᠢᠭᠡᠮ ᠤᠨ ᠡᠯ᠎ᠡ ᠡᠲᠡᠭᠡᠳ ᠤᠨ ᠬᠢᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠲᠦᠢᠯ ᠤᠨ ᠶᠡᠬᠡᠪᠡᠷ ᠠᠩᠬᠠᠷᠴᠤ ᠪᠠᠶᠢᠨ᠎ᠠ᠂ ᠲᠤᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠶ ᠪᠠᠶᠢᠳᠠᠯ ᠪᠣᠯᠣᠨ ᠠᠴᠢ ᠬᠤᠯᠪᠣᠭᠳᠠᠯ ᠤᠨ ᠲᠤᠬᠠᠶ ᠲᠠᠨᠢᠯᠴᠠᠭᠤᠯᠤᠭᠠᠳ ᠥᠭᠭᠦᠨᠦ᠃      ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠪᠣᠯᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠰᠢᠨᠡᠴᠢᠯᠡᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠣᠯᠣᠨ ᠭᠦᠢᠴᠡᠳᠬᠡᠬᠦ ᠬᠦᠴᠦᠨ ᠢ ᠴᠢᠩᠭᠠᠳᠬᠠᠬᠤ ᠬᠡᠷᠡᠭᠲᠡᠶ ᠬᠡᠮᠡᠨ ᠤᠯᠠᠮ ᠨᠢᠭᠡ ᠠᠯᠬᠤᠮ ᠲᠣᠳᠣᠷᠬᠠᠶ ᠳᠤᠷᠠᠳᠤᠨ ᠭᠠᠷᠭᠠᠵᠠᠢ᠃ ᠲᠦᠷᠦ ᠶᠢᠨ ᠶᠠᠪᠤᠳᠠᠯ ᠤᠨ ᠬᠤᠷᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠡᠨᠡ ᠵᠢᠯ ᠠᠴᠠ ᠨᠠᠰᠢ᠂ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ᠂ ᠫᠷᠣᠹᠧᠰᠰᠣᠷ ᠢ ᠬᠢᠨᠠᠨ ᠲᠣᠭᠲᠠᠭᠠᠬᠤ ᠡᠷᠬᠡ ᠶᠢᠨ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠪᠠᠷ ᠤᠷᠢᠳ ᠬᠤᠵᠢᠳ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠪᠦᠷᠢᠨᠰᠢᠭᠦᠯᠬᠦ ᠬᠡᠷᠡᠭᠲᠡᠢ ᠭᠡᠵᠦ ᠲᠣᠳᠣᠷᠬᠠᠶ ᠱᠠᠭᠠᠷᠳᠠᠪᠠ᠃ ᠡᠨᠡ ᠵᠢᠯ ᠤᠨ 3 ᠳ᠋ᠤᠭᠠᠷ ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠦᠴᠢᠷ ᠠᠴᠠ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠵᠠᠰᠠᠭ ᠢ ᠴᠣᠮᠬᠠᠳᠬᠠᠵᠦ ᠡᠷᠬᠡ ᠶᠢ ᠳᠣᠷᠣᠭᠰᠢ ᠪᠠᠭᠤᠯᠭᠠᠨ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠵᠦ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾᠎ ᠢ ᠨᠡᠶᠢᠲᠡᠯᠡᠵᠦ᠂ ᠳᠡᠭᠡᠳᠦ ᠰᠤᠷᠭᠠᠭᠤᠯᠢ ᠶᠢᠨ ᠪᠠᠭᠰᠢ ᠎ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠰᠢᠭᠤᠳ ᠳᠡᠭᠡᠳᠦ ᠰᠤᠷᠭᠠᠭᠤᠯᠢ ᠳᠤ ᠬᠦᠷᠲᠡᠯ᠎ᠡ ᠪᠠᠭᠤᠯᠭᠠᠵᠤ᠂ ᠰᠤᠷᠭᠠᠨ ᠬᠦᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃      ᠦᠢᠯᠡᠳᠦᠯᠭᠡ ᠶᠢᠨ ᠲᠠᠯ᠎ᠠ ᠪᠠᠷ᠂ ᠳᠡᠭᠡᠳᠦ ᠰᠤᠷᠭᠠᠭᠤᠯᠢ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠯᠲᠠ ᠶᠢ ᠡᠵᠡᠨ ᠮᠡᠳᠡᠵᠦ ᠥᠷᠨᠢᠭᠦᠯᠬᠦ ᠳᠤ ᠵᠣᠬᠢᠬᠤ ᠠᠵᠢᠯ ᠤᠨ ᠰᠠᠭᠤᠷᠢ ᠪᠣᠯᠪᠠᠰᠤᠷᠠᠯ ᠪᠣᠯᠤᠨ ᠲᠤᠷᠰᠢᠯᠭ᠎ᠠ ᠶᠢᠨ ᠬᠤᠷᠠᠮᠳᠤᠭᠤᠯᠤᠯ ᠪᠠᠶᠢᠬᠤ ᠬᠡᠷᠡᠭᠲᠡᠢ᠃ ᠫᠷᠣᠹᠧᠰᠰᠣᠷ᠂ ᠳᠡᠳ᠋ ᠫᠷᠣᠹᠧᠰᠰᠣᠷ ᠤᠨ ᠬᠢᠨᠠᠨ ᠲᠣᠭᠲᠠᠭᠠᠬᠤ ᠡᠷᠬᠡ ᠶᠢ ᠨᠡᠯᠢᠶᠡᠳ ᠡᠷᠲᠡ ᠣᠯᠭᠤᠭᠰᠠᠨ ᠳᠡᠭᠡᠳᠦ ᠰᠤᠷᠭᠠᠭᠤᠯᠢ ᠨᠢ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠬᠢᠨᠠᠨ ᠬᠠᠮᠢᠶᠠᠷᠬᠤ ᠵᠡᠷᠭᠡ ᠲᠠᠯ᠎ᠠ ᠪᠠᠷ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠳᠡᠭᠡᠳᠦ ᠰᠤᠷᠭᠠᠭᠤᠯᠢ ᠪᠣᠯᠣᠨ ᠣᠷᠣᠨ ᠨᠤᠲᠤᠭ ᠨᠢ ᠴᠥᠮ ᠡᠭᠦᠨ ᠳᠤ ᠰᠠᠭᠤᠷᠢᠯᠠᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠡᠵᠡᠨ ᠮᠡᠳᠡᠵᠦ ᠬᠢᠨᠠᠨ ᠲᠣᠭᠲᠠᠭᠠᠬᠤ ᠪᠠ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠠᠬᠢᠭᠤᠯᠬᠤ ᠪᠠᠷ ᠬᠦᠰᠡᠵᠦ ᠪᠠᠶᠢᠨ᠎ᠠ᠃      ᠡᠶᠢᠮᠦ ᠠᠴᠠ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠳᠡᠭᠡᠳᠦ ᠰᠤᠷᠭᠠᠭᠤᠯᠢ ᠳᠤ ᠬᠦᠷᠲᠡᠯ᠎ᠡ ᠪᠠᠭᠤᠯᠭᠠᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠥᠬᠡᠢ ᠴᠢᠩᠭᠠᠳᠬᠠᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠳᠠᠬᠢ ᠲᠤᠤᠱᠯᠠᠭᠤᠯᠤᠯᠲᠡ ᠨᠠᠶᠢᠳᠠᠪᠤᠷᠢᠵᠢᠭᠤᠯᠤᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢ ᠨᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠦ᠂ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠤᠨ᠂ ᠪᠠᠭᠰᠢ ᠨᠠᠷ ᠤᠨ ᠰᠤᠷᠭᠠᠵᠤ ᠬᠥᠮᠦᠵᠢᠭᠦᠯᠬᠦ ᠢᠳᠡᠪᠬᠢᠵᠢᠯ ᠪᠣᠯᠣᠨ ᠪᠦᠲᠦᠭᠡᠯᠴᠢ ᠴᠢᠨᠠᠷ ᠢ ᠬᠥᠭᠵᠢᠭᠡᠵᠦ᠂ ᠰᠢᠯᠢᠳᠡᠭ ᠴᠢᠳᠠᠪᠤᠷᠢᠲᠠᠨ ᠤ ᠴᠣᠯᠭᠤᠷᠬᠤ ᠶᠢ ᠠᠬᠢᠭᠤᠯᠬᠤ ᠳᠤ ᠠᠰᠢᠭᠲᠠᠶ ᠪᠠᠶᠢᠳᠠᠭ᠃      2. ︽ᠲᠦᠷ ᠬᠡᠷᠡᠭᠵᠢᠭᠦᠯᠬᠦ ᠠᠷᠭ᠎ᠠ︾᠎ ᠨᠢ ᠲᠦᠷᠦ ᠶᠢᠨ ᠪᠣᠳᠣᠯᠭᠠᠲᠤ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠢᠶᠠᠷ ᠮᠠᠰᠢ ᠴᠢᠩᠭ᠎ᠠ ᠪᠣᠯᠣᠭᠰᠠᠨ ᠨᠢ ᠢᠯᠡᠬᠡᠨ᠂ ᠡᠨᠡᠬᠦ ᠪᠢᠴᠢᠭ ᠮᠠᠲ᠋ᠧᠷᠢᠶᠠᠯ ᠬᠡᠷᠬᠢᠨ ᠪᠣᠢ ᠪᠣᠯᠣᠭᠰᠠᠨ ᠢ ᠲᠠᠨᠢᠯᠴᠠᠭᠤᠯᠤᠭᠠᠳ ᠥᠭᠭᠦᠨᠦ︖      ᠬᠠᠷᠢᠭᠤᠯᠲᠠ᠄ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠡᠵᠡᠨ ᠮᠡᠳᠡᠵᠦ ᠥᠷᠨᠢᠭᠦᠯᠬᠦ ᠶᠢ ᠠᠬᠢᠭᠤᠯᠬᠤ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠣᠨ᠎ᠠ᠃ ︽ᠲᠦᠷ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠬᠦ ᠳᠤ ᠭᠤᠣᠯᠳᠠᠭᠤ ᠳᠣᠣᠷᠠᠬᠢ ᠶᠠᠪᠤᠴᠠ ᠶᠢ ᠥᠩᠭᠡᠷᠡᠭᠡᠵᠡᠶ᠄ ᠨᠢᠭᠡ ᠳᠤ ᠥᠷᠭᠡᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠪᠡ᠃ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠬᠤ ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠬᠠᠮᠢᠶ᠎ᠠ ᠪᠦᠬᠦᠢ ᠳᠡᠭᠡᠳᠦ ᠰᠤᠷᠭᠠᠭᠤᠯᠢ ᠳᠤ ᠨᠠᠶᠢᠳᠠᠨ ᠲᠤᠰᠬᠠᠶ ᠰᠡᠳᠦᠪᠲᠦ ᠰᠣᠳᠣᠯᠭᠠᠨ ᠦᠷᠨᠢᠭᠦᠯᠬᠦ ᠵᠡᠷᠭᠡ ᠶᠢ ᠵᠣᠬᠢᠶᠠᠨ ᠪᠠᠶᠢᠭᠤᠯᠬᠤ ᠪᠠᠷ ᠳᠠᠮᠵᠢᠵᠤ᠂ ᠵᠡᠭᠦᠨ᠂ ᠳᠤᠮᠳᠠ᠂ ᠪᠠᠷᠠᠭᠤᠨ ᠣᠷᠣᠨ ᠤ ᠬᠠᠮᠢᠶ᠎ᠠ ᠪᠦᠬᠦᠢ ᠮᠤᠵᠢ ᠣᠷᠣᠨ ᠤ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠡᠯ᠎ᠡ ᠳᠡᠰ ᠤᠨ ᠡᠯ᠎ᠡ ᠲᠦᠷᠦᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠳᠤ ᠪᠠᠶᠢᠴᠠᠭᠠᠨ ᠰᠣᠳᠤᠯᠤᠯᠲᠠ ᠬᠢᠵᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠪᠡ᠃ ᠬᠤᠶᠠᠷ ᠲᠤ ᠪᠢᠴᠢᠭ ᠮᠠᠲ᠋ᠧᠷᠢᠶᠠᠯ ᠢ ᠰᠣᠳᠣᠯᠣᠨ ᠲᠤᠭᠤᠷᠪᠢᠪᠠ᠃ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠲᠦᠷᠦᠭᠦᠯᠡᠨ᠂ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠪᠣᠯᠤᠨ ᠮᠤᠵᠢ ᠶᠢᠨ ᠳᠡᠰ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠤᠰᠬᠠᠶ ᠮᠡᠷᠭᠡᠵᠢᠯᠲᠡᠨ ᠢᠳᠡᠪᠬᠢᠲᠡᠶ ᠣᠷᠤᠯᠴᠠᠨ᠂ ᠪᠢᠴᠢᠭ ᠮᠠᠲ᠋ᠧᠷᠢᠶᠠᠯ ᠢ ᠭᠠᠷᠳᠠᠨ ᠲᠣᠭᠤᠷᠪᠢᠵᠤ᠂ ᠲᠠᠬᠢᠨ ᠳᠠᠪᠲᠠᠨ ᠵᠥᠪᠳᠡᠯᠴᠡᠵᠦ᠂ ᠤᠯᠠᠨ ᠤᠳᠠᠭ᠎ᠠ ᠵᠠᠰᠠᠬᠤ ᠪᠠᠷ ᠳᠠᠮᠵᠢᠨ᠂ ᠪᠢᠴᠢᠭ ᠮᠠᠲ᠋ᠧᠷᠢᠶᠠᠯ ᠤᠨ ᠰᠠᠨᠠᠯ ᠬᠤᠷᠢᠶᠠᠬᠤ ᠡᠬᠡ ᠨᠣᠣᠷᠠᠭ ᠢ ᠪᠦᠷᠢᠯᠳᠦᠭᠦᠯᠪᠡ᠃ ᠭᠤᠷᠪᠠ ᠳᠤ ᠥᠷᠭᠡᠨ ᠢᠶᠠᠷ ᠰᠠᠨᠠᠯ ᠬᠤᠷᠢᠶᠠᠪᠠ᠃ ᠠᠵᠢᠯ ᠢ ᠰᠤᠳᠤᠯᠤᠨ ᠶᠠᠷᠢᠯᠴᠠᠬᠤ ᠬᠤᠷᠠᠯ᠂ ᠶᠠᠷᠢᠯᠴᠠᠬᠤ ᠬᠤᠷᠠᠯ ᠬᠤᠷᠠᠯᠳᠤᠭᠤᠯᠵᠦ᠂ ᠪᠢᠴᠢᠭ ᠤᠨ ᠬᠡᠯᠪᠡᠷᠢ ᠪᠠᠷ ᠰᠠᠨᠠᠯ ᠬᠤᠷᠢᠶᠠᠬᠤ ᠵᠡᠷᠭᠡ ᠤᠯᠠᠨ ᠬᠡᠯᠪᠡᠷᠢ ᠪᠠᠷ ᠳᠠᠮᠵᠢᠭᠤᠯᠵᠤ᠂ ᠣᠷᠣᠨ ᠨᠤᠲᠤᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠰᠠᠨᠠᠯ ᠰᠠᠨᠠᠭᠤᠯᠭ᠎ᠠ ᠶᠢ ᠤᠯᠠᠨ ᠬᠠᠷᠠᠭᠠᠰᠤ ᠠᠴᠠ ᠰᠣᠨᠣᠰᠤᠭᠰᠠᠨ ᠪᠠ ᠬᠤᠷᠢᠶᠠᠮᠵᠢᠯᠠᠪᠠ᠃ ᠲᠦᠷᠪᠡ ᠳᠤ ᠲᠠᠬᠢᠨ ᠳᠠᠪᠲᠠᠨ ᠵᠠᠰᠠᠪᠤᠷᠢ ᠣᠷᠣᠭᠤᠯᠤᠨ ᠪᠦᠷᠢᠨᠰᠢᠭᠦᠯᠪᠡ᠃ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠰᠣᠳᠣᠯᠤᠭᠰᠠᠨ ᠰᠠᠭᠤᠷᠢᠨ ᠳᠡᠭᠡᠷ᠎ᠡ᠂ ᠪᠢᠴᠢᠭ ᠮᠠᠲ᠋ᠧᠷᠢᠶᠠᠯ ᠤᠨ ᠡᠭᠡ ᠨᠤᠤᠷᠠᠭ ᠢ ᠤᠯᠠᠮ ᠨᠢᠭᠡ ᠠᠯᠬᠤᠮ ᠵᠠᠰᠠᠨ ᠪᠦᠷᠢᠨᠰᠢᠭᠦᠯᠵᠦ᠂ ᠬᠡᠳᠦᠨ ᠠᠷᠪᠠᠨ ᠤᠳᠠᠭ᠎ᠠ ᠵᠠᠰᠠᠪᠤᠷᠢ ᠣᠷᠤᠭᠤᠯᠪᠠ᠃ ᠲᠠᠪᠤ ᠳᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠶᠠᠷᠢᠯᠴᠠᠪᠠ᠃ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠲᠤᠰᠬᠠᠶᠢᠯᠠᠨ ᠬᠢᠨᠠᠨ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠯ ᠢᠶᠠᠨ ᠳᠤᠷᠠᠳᠤᠨ᠂ ᠪᠢᠴᠢᠭ ᠮᠠᠲ᠋ᠧᠷᠢᠶᠠᠯ ᠤᠨ ᠡᠭᠡ ᠨᠤᠤᠷᠠᠭ ᠢ ᠤᠯᠠᠮ ᠨᠢᠭᠡ ᠠᠯᠬᠤᠮ ᠪᠦᠷᠢᠨᠰᠢᠭᠦᠯᠬᠦ ᠪᠠᠷ ᠱᠠᠭᠠᠷᠳᠠᠪᠠ᠃ ᠵᠢᠷᠭᠤᠭ᠎ᠠ ᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ᠳᠠᠷᠤᠮᠠᠯᠯᠠᠨ ᠲᠠᠷᠬᠠᠭᠠᠪᠠ᠃      3 . ︽ᠲᠦᠷ ᠬᠡᠷᠡᠭᠵᠢᠭᠦᠯᠬᠦ ᠠᠷᠭ᠎ᠠ︾᠎ ᠶᠢᠨ ᠭᠤᠣᠯ ᠠᠭᠤᠯᠭ᠎ᠠ ᠨᠢ ᠶᠠᠭᠤ ᠪᠤᠢ︖      ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾᠎ ᠳᠤ ︽ᠠᠪᠰᠠᠷ᠂ ᠪᠤᠲᠠᠲᠠᠢ᠂ ᠰᠢᠨ᠎ᠡ︾᠎ ᠶᠢ ᠴᠢᠬᠤᠯᠠᠴᠢᠯᠠᠵᠤ᠂ ᠨᠡᠶᠢᠲᠡ ᠲᠠᠪᠤᠨ ᠪᠦᠯᠦᠭ᠂ ᠠᠷᠪᠠᠨ ᠳᠤᠯᠤᠭᠠᠨ ᠵᠦᠢᠯ ᠬᠤᠪᠢᠶᠠᠵᠠᠢ᠃      ᠨᠢᠭᠡᠳᠦᠭᠡᠷ ᠪᠦᠯᠦᠭ᠂ ᠶᠡᠷᠦᠩᠬᠡᠶ ᠲᠦ᠋ᠷᠢᠮ᠃ ᠭᠤᠤᠯᠳᠠᠭᠤ ᠪᠢᠴᠢᠭ ᠮᠠᠲ᠋ᠧᠷᠢᠶᠠᠯ ᠢ ᠲᠤᠭᠲᠠᠭᠠᠬᠤ ᠠᠬᠤᠶ ᠪᠠᠶᠢᠳᠠᠯ ᠤᠨ ᠵᠣᠷᠢᠯᠭ᠎ᠠ᠂ ᠬᠡᠷᠡᠭᠯᠡᠬᠦ ᠬᠡᠪᠴᠢᠶ᠎ᠡ ᠪᠣᠯᠤᠨ ᠬᠠᠮᠢᠶ᠎ᠠ ᠪᠥᠬᠦᠢ ᠬᠠᠷᠢᠭᠤᠴᠠᠯᠭᠠᠲᠤ ᠭᠤᠣᠯ ᠴᠣᠭᠴᠠ ᠶᠢ ᠲᠠᠶᠢᠯᠪᠤᠷᠢᠯᠠᠵᠤ᠂ ᠡᠷᠬᠡ ᠬᠠᠷᠢᠭᠤᠴᠠᠯᠭ᠎ᠠ ᠶᠢ ᠵᠡᠷᠭᠡ ᠪᠠᠷ ᠳᠤᠷᠤᠭᠰᠢ ᠪᠠᠭᠤᠯᠭᠠᠬᠤ ᠶᠢ ᠲᠤᠳᠤᠷᠬᠠᠶᠢᠯᠠᠵᠡᠢ᠃      ᠬᠤᠶᠠᠳᠤᠭᠠᠷ ᠪᠦᠯᠦᠭ᠂ ᠬᠢᠨᠠᠨ ᠲᠣᠭᠲᠠᠭᠠᠬᠤ ᠠᠵᠢᠯ ᠤᠨ ᠲᠤᠬᠠᠶ᠃ ᠬᠢᠨᠠᠨ ᠲᠤᠭᠲᠠᠭᠠᠬᠤ ᠡᠷᠬᠡ ᠶᠢ ᠳᠣᠷᠣᠭᠰᠢ ᠪᠠᠭᠤᠯᠭᠠᠭᠰᠠᠨ ᠤ ᠳᠠᠷᠠᠭᠠᠬᠢ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠢᠴᠢᠭ ᠮᠠᠲ᠋ᠧᠷᠢᠶᠠᠯ ᠢ ᠲᠤᠭᠲᠠᠭᠠᠬᠤ᠂ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠬᠤ᠂ ᠡᠵᠡᠨ ᠮᠡᠳᠡᠵᠦ ᠬᠢᠨᠠᠨ ᠲᠣᠭᠲᠠᠭᠠᠬᠤ᠂ ᠠᠵᠢᠯ ᠤᠨ ᠣᠨ ᠤ ᠮᠡᠳᠡᠭᠦᠯᠦᠯᠲᠡ ᠵᠢᠴᠢ ᠳᠠᠩᠰᠠ ᠡᠪᠬᠡᠮᠡᠯ ᠢ ᠬᠠᠳᠠᠭᠠᠯᠠᠬᠤ ᠵᠡᠷᠭᠡ ᠎ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠭᠤᠷᠪᠠᠳᠤᠭᠠᠷ ᠪᠦᠯᠦᠭ᠂ ᠬᠢᠨᠠᠯᠲᠠ ᠬᠠᠮᠢᠶᠠᠷᠤᠯᠲᠠ ᠶᠢᠨ ᠠᠭᠤᠯᠭ᠎ᠠ ᠶᠢᠨ ᠲᠤᠬᠠᠢ᠃ ᠭᠤᠣᠯᠳᠠᠭᠤ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠤᠭᠲᠠᠭᠠᠯᠲᠠ ᠨᠢ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ ᠪᠠᠷ ᠬᠢᠨᠠᠨ ᠲᠤᠭᠲᠠᠭᠠᠯᠲᠠ ᠶᠢ ᠦᠷᠨᠢᠭᠦᠯᠬᠦ ᠵᠡᠷᠭᠡ ᠠᠭᠤᠯᠭ᠎ᠠ ᠪᠠᠭᠲᠠᠨ᠎ᠠ᠃      ᠳᠥᠷᠪᠡᠳᠦᠭᠡᠷ ᠪᠦᠯᠦᠭ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠤᠬᠠᠶ᠃ ᠭᠤᠣᠯᠳᠠᠭᠤ ᠪᠢᠴᠢᠭ ᠢᠶᠠᠷ ᠬᠠᠷᠭᠤᠭᠤᠯᠤᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠲᠣᠭᠤᠷᠢᠨ ᠪᠠᠶᠢᠴᠠᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠬᠦ᠂ ᠵᠠᠭᠠᠯᠳᠤᠬᠤ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃      ᠲᠠᠪᠤᠳᠤᠭᠠᠷ ᠪᠦᠯᠦᠭ᠂ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢᠨ ᠲᠤᠬᠠᠢ᠃ ᠬᠠᠮᠢᠶ᠎ᠠ ᠪᠦᠭᠦᠢ ᠬᠠᠷᠢᠭᠤᠴᠠᠯᠭᠠᠲᠤ ᠭᠤᠤᠯ ᠴᠣᠭᠴᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠲᠤᠳᠤᠷᠬᠠᠶᠢᠯᠠᠪᠠ᠃      4. ᠲᠡᠭᠡᠪᠡᠯ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠨᠢ ᠶᠠᠭᠤ ᠪᠤᠢ︖      ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ ᠬᠢᠨᠠᠨ ᠬᠠᠮᠢᠶᠠᠷᠤᠯᠲᠠ ᠶᠢᠨ ᠭᠤᠣᠯᠳᠠᠯᠭ᠎ᠠ ᠳᠤ ᠳᠠᠷᠠᠭᠠᠬᠢ ᠵᠦᠢᠯ ᠪᠠᠭᠲᠠᠨ᠎ᠠ᠄ ᠨᠢᠭᠡ ᠳᠤ ᠴᠢᠭᠯᠡᠯ ᠨᠢ ᠵᠥᠪ ᠣᠨᠣᠪᠴᠢᠲᠠᠶ ᠡᠰᠡᠬᠦ᠃ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠨᠢ ᠡᠷᠬᠡᠪᠰᠢ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠦᠢᠯᠡᠴᠢᠯᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠦᠢᠯᠡᠴᠢᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠪᠠᠬᠢᠵᠢᠭᠦᠯᠦᠨ ᠬᠦᠭᠵᠢᠭᠦᠯᠬᠦ ᠳᠤ ᠦᠢᠯᠡᠴᠢᠯᠡᠬᠦ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠨᠡᠶᠢᠭᠡᠮ ᠵᠢᠷᠤᠮᠲᠤ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠵᠠᠷᠴᠢᠮ ᠢ ᠢᠯᠡᠷᠡᠭᠦᠯᠵᠦ᠂ ᠪᠠᠭᠰᠢ ᠶᠢᠨ ᠶᠣᠰᠣ ᠮᠣᠷᠠᠯ ᠤᠨ ᠦᠨᠡᠯᠡᠯᠲᠡ ᠶᠢ ᠦᠨᠡᠨ ᠬᠦ ᠲᠡᠷᠢᠭᠦᠨ ᠳᠤ ᠲᠠᠯᠪᠢᠬᠤ ᠬᠡᠷᠡᠭᠲᠡᠶ᠃ ᠬᠤᠶᠠᠷ ᠲᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠃ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠨᠢ ᠡᠷᠬᠡᠪᠰᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠷᠭᠡᠵᠢᠯ ᠤᠨ ᠴᠤᠯᠠ ᠶᠢᠨ ᠲᠦᠷᠦ ᠶᠢᠨ ᠪᠤᠳᠤᠯᠭ᠎ᠠ ᠲᠠᠢ ᠨᠡᠶᠢᠴᠡᠵᠦ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠤᠷᠪᠠ ᠳᠤ ᠳᠡᠰ ᠳᠠᠷᠠᠭᠠᠯᠠᠯ ᠨᠢ ᠴᠢᠩᠳᠠ ᠡᠰᠡᠬᠦ᠃ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠷᠭ᠎ᠠ᠂ ᠠᠵᠢᠯᠯᠠᠭᠠᠨ ᠤ ᠲᠥᠰᠦᠯ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠬᠤ ᠳᠡᠰ ᠳᠠᠷᠠᠭᠠᠯᠠᠯ᠂ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠ ᠬᠢᠨᠠᠨ ᠲᠤᠭᠲᠠᠭᠠᠬᠤ ᠠᠵᠢᠯᠯᠠᠭᠠᠨ ᠵᠡᠷᠭᠡ ᠳᠡᠰ ᠳᠠᠷᠠᠭᠠᠯᠠᠯ ᠨᠢ ᠴᠥᠮ ᠵᠢᠷᠤᠮᠵᠢᠵᠤ᠂ ᠲᠡᠭᠦᠯᠳᠡᠷᠵᠢᠭᠰᠡᠨ ᠪᠠᠶᠢᠬᠤ ᠬᠡᠷᠡᠭᠲᠡᠢ᠃ ᠲᠦᠷᠪᠡ ᠳᠤ ᠦᠷ᠎ᠡ ᠳ᠋ᠦᠩ ᠨᠢ ᠲᠥᠪ ᠭᠤᠣᠯᠴᠢ ᠪᠠᠶᠢᠬᠤ ᠡᠰᠡᠬᠦ᠃ ᠬᠢᠨᠠᠨ ᠲᠤᠭᠲᠠᠭᠠᠯᠲᠠ ᠨᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠦᠷ᠎ᠡ ᠳ᠋ᠦᠩ ᠤᠨ ᠲᠥᠪ ᠭᠤᠤᠯᠴᠢ ᠶᠢ ᠨᠦᠯᠦᠭᠡᠯᠡᠵᠦ᠂ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠨᠦᠯᠦᠭᠡᠯᠡᠭᠰᠡᠨ ᠡᠰᠡᠬᠦ᠃      5. ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠶᠠᠮᠠᠷᠰᠢᠤ ᠰᠢᠨ᠎ᠡ ᠡᠭᠦᠳᠦᠯᠲᠡ ᠲᠠᠢ ᠪᠤᠢ︖      ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾᠎ ᠳᠤ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠪᠠ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠵᠡᠷᠭᠡ ᠤᠯᠠᠨ ᠠᠷᠭ᠎ᠠ ᠮᠠᠶ᠋ᠢᠭ ᠢ ᠲᠤᠳᠤᠷᠬᠠᠶᠢᠯᠠᠵᠡᠢ᠄ ᠨᠢᠭᠡ ᠳᠤ ᠪᠢᠴᠢᠭ ᠢᠶᠠᠷ ᠪᠠᠶᠢᠴᠠᠭᠠᠨ᠎ᠠ᠃ ᠳᠡᠭᠡᠳᠦ ᠰᠤᠷᠭᠠᠭᠤᠯᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠯ ᠪᠦᠷᠢ ᠳᠡᠭᠡᠳᠦ ᠰᠤᠷᠭᠠᠭᠤᠯᠢ ᠶᠢᠨ ᠮᠡᠳᠡᠭᠦᠯᠦᠨ ᠬᠦᠷᠭᠡᠭᠰᠡᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠪᠠᠶᠢᠳᠠᠯ ᠵᠡᠷᠭᠡ ᠪᠢᠴᠢᠭ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃ ᠬᠤᠶᠠᠷ ᠲᠤ ︽ᠬᠤᠶᠠᠷᠲᠠ ᠰᠤᠭᠤᠴᠢᠨ ᠪᠠᠶᠢᠴᠠᠭᠠᠬᠤ︾ ᠪᠠ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠬᠢᠨ᠎ᠠ ᠃ ︽ᠬᠤᠶᠠᠷᠲᠠ ᠰᠤᠭᠤᠴᠢᠨ ᠪᠠᠶᠢᠴᠠᠭᠠᠬᠤ︾᠎ ᠶᠢᠨ ᠠᠷᠭ᠎ᠠ ᠮᠠᠶ᠋ᠢᠭ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠬᠤ ᠬᠠᠷᠢᠴᠠᠯ ᠢᠶᠠᠷ ᠰᠤᠭᠤᠴᠢᠨ ᠪᠠᠶᠢᠴᠠᠭᠠᠯᠲᠠ ᠦᠷᠨᠢᠭᠦᠯᠦᠨ᠎ᠡ᠃ ᠰᠤᠭᠤᠴᠢᠨ ᠪᠠᠶᠢᠴᠠᠭᠠᠭᠰᠠᠨ ᠪᠠᠶᠢᠳᠠᠯ᠂ ᠤᠯᠠᠨ ᠲᠦᠮᠡᠨ ᠤ ᠲᠤᠰᠬᠠᠯ ᠪᠤᠶᠤ ᠶᠠᠷᠢᠶ᠎ᠠ ᠬᠡᠯᠡᠯᠴᠡᠭᠡᠨ ᠤ ᠲᠤᠰᠬᠠᠯ ᠢᠶᠠᠷ ᠨᠡᠯᠢᠶᠡᠳ ᠶᠡᠬᠡᠲᠡᠶ ᠠᠰᠠᠭᠤᠳᠠᠯ ᠢ ᠦᠨᠳᠦᠰᠦᠯᠡᠨ᠂ ᠬᠠᠨᠳᠤᠯᠭᠠᠲᠤ ᠴᠢᠨᠠᠷ ᠲᠠᠢ ᠪᠠᠷ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠬᠢᠨ᠎ᠠ᠃ ᠭᠤᠷᠪᠠ ᠳᠤ ᠮᠡᠳᠡᠭᠡ ᠵᠠᠩᠭᠢ ᠶᠢ ᠢᠯᠡ ᠪᠤᠯᠭᠠᠨ᠎ᠠ᠃ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠤᠭᠲᠠᠭᠠᠯᠲᠠ ᠳᠤ ᠢᠯᠡ ᠪᠣᠯᠭᠠᠬᠤ᠂ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ ᠭᠦᠢᠴᠡᠳᠬᠡᠬᠦ ᠶᠢ ᠱᠠᠭᠠᠷᠳᠠᠵᠤ᠂ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠰᠤᠷᠭᠠᠨ ᠬᠦᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠳᠡᠭᠡᠳᠦ ᠰᠤᠷᠭᠠᠭᠤᠯᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠵᠤ᠂ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠮᠡᠳᠡᠭᠡᠯᠡᠵᠦ ᠢᠯᠡ ᠪᠤᠯᠭᠠᠨ᠎ᠠ᠃ ᠲᠦᠷᠪᠡ ᠳᠤ ᠦᠪᠡᠷ ᠢ ᠪᠠᠨ ᠬᠢᠨᠠᠨ ᠬᠠᠮᠢᠶᠠᠷᠬᠤ ᠪᠠ ᠨᠡᠶᠢᠭᠡᠮ ᠠᠴᠠ ᠬᠢᠨᠠᠯᠲᠠ ᠲᠠᠯᠪᠢᠨ᠎ᠠ᠃ ᠳᠡᠭᠡᠳᠦ ᠰᠤᠷᠭᠠᠭᠤᠯᠢ ᠶᠢᠨ ᠥᠪᠡᠷ ᠢ ᠪᠠᠨ ᠡᠵᠡᠮᠳᠡᠬᠦ ᠪᠠ ᠨᠡᠶᠢᠭᠡᠮ ᠠᠴᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠰᠠᠨᠠᠯ ᠲᠤᠰᠬᠠᠬᠤ ᠠᠷᠭ᠎ᠠ ᠵᠠᠮ ᠢ ᠰᠠᠭᠠᠳ ᠦᠭᠡᠢ ᠪᠤᠯᠭᠠᠵᠤ᠂ ᠣᠯᠠᠨ ᠲᠦᠮᠡᠨ ᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠲᠤᠳᠤᠷᠬᠠᠶᠢᠯᠠᠨ᠎ᠠ᠃      6. ︽ᠲᠦᠷ ᠬᠡᠷᠡᠭᠵᠢᠭᠦᠯᠬᠦ ᠠᠷᠭ᠎ᠠ︾᠎ ᠳᠤ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠤᠭᠲᠠᠭᠠᠯᠲᠠ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠰᠢᠳᠬᠡᠬᠦ ᠶᠠᠮᠠᠷ ᠲᠣᠭᠲᠠᠭᠠᠯ ᠭᠠᠷᠭᠠᠭᠰᠠᠨ ᠪᠣᠢ︖      ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾᠎ ᠨᠢ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠤᠭᠲᠠᠭᠠᠯᠲᠠ ᠳᠠᠬᠢ ᠠᠳᠠᠯᠢ ᠪᠤᠰᠤ ᠪᠡᠶᠡᠴᠢ ᠴᠤᠭᠴᠠ ᠳᠤ ᠴᠢᠭᠯᠡᠭᠦᠯᠦᠨ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠦᠷᠢᠴᠡᠭᠰᠡᠳ ᠢ ᠵᠠᠯᠬᠠᠭᠠᠨ ᠰᠢᠳᠬᠡᠬᠦ ᠬᠠᠷᠠᠭᠠᠯᠵᠠᠭᠰᠠᠨ ᠠᠷᠭ᠎ᠠ ᠬᠡᠮᠵᠢᠶ᠎ᠡ ᠶᠢ ᠳᠤᠷᠠᠳᠴᠠᠢ᠂ ᠡᠭᠦᠨ ᠳᠤ ᠬᠠᠮᠢᠶ᠎ᠠ ᠪᠦᠬᠦᠢ ᠪᠠᠭᠰᠢ ᠶᠢᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠡᠷᠳᠡᠮ ᠰᠢᠨᠵᠢᠯᠡᠭᠡᠨ ᠤ ᠲᠠᠯ᠎ᠠ ᠪᠠᠷ ᠬᠢ ᠲᠥᠪ ᠪᠤᠰᠤ ᠦᠶᠯᠡ ᠠᠵᠢᠯᠯᠠᠭ᠎ᠠ ᠶᠢ ᠰᠢᠶᠳᠪᠦᠷᠢᠯᠡᠬᠦ᠂ ᠬᠢᠨᠠᠨ ᠲᠤᠭᠲᠠᠭᠠᠬᠤ ᠲᠤᠰᠬᠠᠶ ᠮᠡᠷᠭᠡᠵᠢᠯᠲᠡᠨ ᠂ ᠳᠡᠭᠡᠳᠦ ᠰᠤᠷᠭᠠᠭᠤᠯᠢ ᠬᠢᠭᠡᠳ ᠰᠤᠷᠭᠠᠭᠤᠯᠢ ᠪᠠ ᠰᠠᠯᠪᠤᠷᠢ ᠨᠤᠭᠤᠳ ᠤᠨ ᠨᠠᠮ ᠵᠠᠰᠠᠭ ᠤᠨ ᠤᠳᠤᠷᠢᠳᠤᠯᠭ᠎ᠠ ᠵᠢᠴᠢ ᠪᠤᠰᠤᠳ ᠬᠠᠷᠢᠭᠤᠴᠠᠯᠭ᠎ᠠ ᠲᠠᠢ ᠬᠦᠮᠦᠰ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠶᠳᠪᠦᠷᠢᠯᠡᠬᠦ᠂ ᠬᠢᠨᠠᠨ ᠲᠣᠭᠲᠠᠭᠠᠬᠤ ᠠᠵᠢᠯ ᠤᠨ ᠬᠠᠷᠢᠭᠤᠴᠠᠯᠭ᠎ᠠ ᠪᠠᠷ ᠴᠢᠩᠭ᠎ᠠ ᠪᠤᠰᠤ᠂ ᠳᠡᠰ ᠳᠠᠷᠠᠭᠠᠯᠠᠯ ᠨᠢ ᠵᠢᠷᠤᠮᠵᠢᠯ ᠦᠭᠡᠢ ᠠᠴᠠ ᠵᠠᠭᠠᠯᠳᠤᠯᠭ᠎ᠠ ᠤᠯᠠᠨᠲᠠᠢ᠂ ᠮᠠᠷᠭᠤᠭᠠᠨ ᠶᠡᠬᠡᠲᠡᠶ ᠪᠤᠯᠤᠭᠰᠠᠨ ᠳᠡᠭᠡᠳᠦ ᠰᠤᠷᠭᠠᠭᠤᠯᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠵᠡᠷᠭᠡ ᠪᠠᠭᠲᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ