ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/1/16
      1 ᠳ᠋ᠦ᠋ᠭᠡᠷ ᠰᠠᠷ᠎ᠠ ᠶᠢᠨ 15 ᠤ ᠡᠳᠦᠷ᠂ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠤ᠂ ᠦᠩᠭᠡᠷᠡᠭᠰᠡᠨ 5 ᠵᠢᠯ ᠤᠨ ᠠᠵᠢᠯ ᠢᠶᠠᠨ ᠳ᠋ᠦᠩᠨᠡᠨ᠂ ᠡᠨᠡ ᠵᠢᠯ ᠤᠨ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠲᠠᠯ᠎ᠠ ᠪᠠᠷ ᠲᠤᠰᠬᠠᠢ ᠪᠠᠶᠢᠷᠢᠯᠠᠭᠤᠯᠤᠯᠲᠠ ᠬᠢᠪᠠ᠃      2017 ᠣᠨ ᠳᠤ᠂ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠲᠤᠭᠳᠠᠭᠤᠨ ᠤ ᠲᠤᠮᠳᠠ ᠰᠠᠶᠢᠵᠢᠷᠠᠯᠳᠠ ᠲᠠᠢ ᠪᠠᠶᠢᠵᠤ᠂ ᠪᠦᠬᠦ ᠵᠢᠯ ᠤᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠵᠠᠢ᠃ ᠠᠮᠤ ᠪᠤᠳᠠᠭ᠎ᠠ 553.68 ᠳ᠋ᠦᠩᠰᠢᠭᠤᠷ ᠵᠢᠩ ᠬᠤᠷᠢᠶᠠᠵᠦ᠂ ᠠᠷᠪᠠᠨ ᠲᠦᠷᠪᠡᠨ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠵᠦ᠂ ᠮᠠᠯ ᠤᠨ ᠲᠤᠭ᠎ᠠ 1.26 ᠳ᠋ᠦᠩᠰᠢᠭᠤᠷ ᠲᠤ ᠬᠦᠷᠴᠦ᠂ ᠠᠷᠪᠠᠨ ᠭᠤᠷᠪᠠᠨ ᠵᠢᠯ ᠲᠠᠷᠠᠭᠠᠯᠠᠨ ᠲᠤᠭᠳᠠᠭᠤᠨ  ᠢᠶᠠᠷ ᠨᠡᠮᠡᠭᠳᠡᠵᠡᠢ᠃ ᠪᠠᠷᠤᠭᠴᠠᠭᠠᠯᠠᠭᠰᠠᠨ ᠢᠶᠠᠷ᠂ ᠪᠦᠬᠦ ᠵᠢᠯ ᠤᠨ ᠮᠢᠬᠠᠨ ᠤ ᠲᠦᠷᠦᠯ ᠤᠨ ᠶᠡᠷᠦᠩᠬᠡᠢ ᠭᠠᠷᠤᠯᠳᠠ 270 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠡᠢ᠃      ᠬᠤᠷᠠᠯ ᠠᠴᠠ᠂ ᠪᠤᠬᠢᠷᠳᠤᠯ ᠦᠭᠡᠢ ᠬᠦᠭᠵᠢᠯᠳᠡ ᠪᠠᠷ ᠰᠠᠭᠤᠷᠢ ᠪᠣᠯᠭᠠᠨ᠂ ᠮᠠᠯ ᠠᠵᠤ ᠠᠬᠤᠢ ᠲᠠᠷᠢᠶᠠᠯᠠᠩ ᠤᠨ ᠦᠷᠭᠦᠯᠵᠢᠯᠡᠬᠦ ᠬᠦᠭᠵᠢᠯᠳᠡ ᠶᠢ ᠢᠳᠡᠪᠬᠢᠳᠡᠢ ᠠᠬᠢᠭᠤᠯᠵᠦ᠂ ᠰᠢᠨ᠎ᠠ ᠶᠢ ᠡᠭᠦᠳᠬᠦ ᠬᠦᠭᠵᠢᠯᠳᠡ ᠪᠠᠷ ᠤᠳᠤᠷᠢᠳᠤᠮᠵᠢ ᠪᠣᠯᠭᠠᠨ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠰᠢᠨ᠎ᠠ ᠲᠠᠯᠳᠠ ᠬᠦᠴᠦᠨ ᠢ ᠢᠳᠡᠪᠬᠢᠳᠡᠢ ᠠᠭᠤᠳᠠᠯᠵᠦ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠪᠠᠷ ᠬᠦᠳᠡᠯᠭᠡᠬᠦ ᠬᠦᠴᠦᠨ ᠪᠣᠯᠭᠠᠨ᠂ ᠮᠠᠯ ᠠᠵᠤ ᠠᠬᠤᠢ ᠲᠠᠷᠢᠶᠠᠯᠠᠩ ᠤᠨ ᠰᠢᠨ᠎ᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠦᠭᠵᠢᠭᠡᠵᠦ᠂ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠵᠢᠯᠤᠭᠤᠳᠤᠯᠭ᠎ᠠ ᠪᠣᠯᠭᠠᠨ᠂ ᠮᠠᠯ ᠠᠵᠦ ᠠᠬᠤᠢ ᠲᠠᠷᠢᠶᠠᠯᠠᠩ ᠤᠨ ᠪᠦᠳᠦᠴᠡ ᠶᠢᠨ ᠲᠤᠬᠢᠷᠠᠭᠤᠯᠤᠯᠳᠠ ᠶᠢ ᠢᠳᠡᠪᠬᠢᠳᠡᠢ ᠠᠬᠢᠭᠤᠯᠵᠦ᠂ ᠠᠭᠤᠰᠤᠯᠴᠠᠭᠤᠯᠤᠨ ᠬᠦᠭᠵᠢᠬᠦᠯᠬᠦ ᠪᠠᠷ ᠬᠠᠷᠠᠯᠳᠠ ᠪᠣᠯᠭᠠᠨ᠂ ᠮᠠᠯ ᠠᠵᠦ ᠠᠬᠤᠢ ᠲᠠᠷᠢᠶᠠᠯᠠᠩ ᠤᠨ  ᠬᠦᠭᠵᠢᠯᠳᠡ ᠶᠢᠨ ᠰᠢᠨ᠎ᠠ ᠬᠦᠳᠡᠯᠭᠡᠬᠦ ᠴᠢᠳᠠᠪᠤᠷᠢ ᠶᠢ ᠢᠳᠡᠪᠬᠢᠳᠡᠢ ᠪᠤᠶᠢᠵᠢᠭᠤᠯᠵᠦ᠂ ᠤᠨᠴᠠᠯᠢᠭᠲᠤ ᠬᠦᠭᠵᠢᠯᠳᠡ ᠳᠤ ᠲᠦᠰᠢᠭᠯᠡᠨ᠂ ᠮᠠᠯ ᠠᠵᠦ ᠠᠬᠤᠢ ᠲᠠᠷᠢᠶᠠᠯᠠᠩ ᠤᠨ ᠰᠢᠨ᠎ᠠ ᠦᠷ᠎ᠠ ᠠᠰᠢᠭ ᠢ ᠲᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠨ᠂ 2018 ᠣᠨ ᠳᠤ᠂ ᠪᠦᠬᠦ ᠤᠷᠤᠨ ᠤ ᠠᠮᠤ ᠪᠤᠳᠠᠭᠠᠨ ᠤ ᠬᠤᠷᠢᠶᠠᠯᠳᠠ ᠶᠢ ᠦᠷᠭᠦᠯᠵᠢᠯᠡᠨ 550 ᠳ᠋ᠦᠩᠰᠢᠭᠤᠷ ᠵᠢᠩ ᠤᠷᠴᠢᠮ᠂ ᠮᠠᠯ ᠤᠨ ᠲᠤᠭ᠎ᠠ ᠶᠢ 1.2 ᠳ᠋ᠦᠩᠰᠢᠭᠤᠷ ᠤᠷᠴᠢᠮ ᠳᠤ ᠲᠤᠭᠳᠠᠪᠤᠷᠢᠵᠢᠭᠤᠯᠵᠦ᠂ 3000 ᠲᠦᠮᠡᠨ ᠮᠦ ᠡᠪᠡᠰᠦ ᠲᠠᠷᠢᠬᠤ ᠶᠢ ᠪᠡᠶᠡᠯᠡᠭᠦᠯᠦᠨ᠂ ᠨᠤᠳᠤᠭ ᠪᠡᠯᠴᠢᠭᠡᠷ ᠤᠨ ᠲᠡᠭᠰᠢᠳᠭᠡᠭᠰᠡᠨ ᠤᠷᠭᠤᠮᠠᠯ ᠤᠨ ᠪᠦᠷᠭᠦᠴᠨ ᠶᠢ 44% ᠠᠴᠠ ᠲᠡᠭᠡᠭᠰᠢ ᠪᠠᠶᠢᠯᠭᠠᠬᠤ ᠶᠢ ᠪᠠᠳᠤᠯᠠᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ  ᠪᠦᠳᠦᠭᠡᠭᠳᠡᠭᠦᠨ ᠤ ᠬᠢᠷᠢ ᠲᠡᠩᠴᠡᠭᠰᠡᠨ ᠨᠤᠷᠮ᠎ᠠ ᠶᠢ 96% ᠠᠴᠠ ᠲᠡᠭᠡᠭᠰᠢ ᠪᠠᠶᠢᠯᠭᠠᠬᠤ ᠬᠡᠷᠡᠭᠳᠡᠢ ᠭᠡᠵᠡᠢ᠃      ᠬᠤᠷᠠᠯ ᠠᠴᠠ᠂ 2018 ᠣᠨ ᠳᠤ ᠪᠦᠬᠦ ᠤᠷᠤᠨ ᠤ ᠡᠯ᠎ᠠ ᠱᠠᠳᠤᠨ ᠤ ᠮᠠᠯ ᠠᠵᠦ ᠠᠬᠤᠢ ᠲᠠᠷᠢᠶᠠᠯᠠᠩ ᠤᠨ ᠰᠠᠯᠠᠭ᠎ᠠ ᠮᠦᠴᠢᠷ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠶᠡᠷᠦᠩᠬᠡᠢ ᠭᠠᠷᠳᠠᠴᠠ ᠪᠤᠯᠭᠠᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠲᠤᠰ ᠭᠠᠵᠠᠷ ᠤᠷᠤᠨ ᠤ ᠪᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠳᠠᠭᠠᠬᠤ ᠬᠡᠷᠡᠭᠳᠡᠢ︔ ᠴᠢᠨᠠᠷ ᠰᠡᠶᠢᠳᠡᠢ ᠬᠦᠭᠵᠢᠯᠳᠠ ᠪᠠᠷ ᠦᠨᠳᠦᠰᠦᠨ ᠱᠠᠭᠠᠷᠳᠠᠯᠭ᠎ᠠ ᠪᠤᠯᠭᠠᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠡᠭᠡᠭᠰᠢᠯᠡᠭᠦᠯᠬᠦ ︽ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾ ᠶᠢ ᠡᠬᠢᠯᠡᠭᠦᠯᠵᠦ᠂ 3 ᠵᠢᠯ ᠤᠨ ᠴᠢᠷᠮᠠᠶᠢᠯᠭ᠎ᠠ ᠪᠠᠷ ᠲᠠᠮᠵᠢᠨ᠂ 20% ᠶᠢᠨ ᠬᠤᠰᠢᠭᠤ ᠰᠢᠶᠠᠨ ᠢ ᠤᠯᠤᠰ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ  ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠪᠠᠷᠢᠮᠵᠢᠶ᠎ᠠ ᠳᠤ ᠬᠦᠷᠭᠡᠵᠦ᠂ 50% ᠠᠴᠠ ᠲᠡᠭᠡᠭᠰᠢᠬᠢ ᠬᠤᠰᠢᠭᠤ ᠰᠢᠶᠠᠨ ᠢ ᠦᠪᠡᠷᠳᠡᠭᠡᠨ ᠵᠠᠰᠠᠬᠤ ᠤᠷᠤᠨ ᠤ ᠠᠮᠤᠷ ᠲᠦᠪᠰᠢᠨ ᠰᠢᠶᠠᠨ ᠤ ᠪᠠᠷᠢᠮᠵᠢᠶ᠎ᠠ ᠳᠤ ᠬᠦᠷᠭᠡᠬᠦ ᠬᠡᠷᠡᠭᠳᠡᠢ︔ ︽ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ᠂ ᠪᠤᠬᠢᠷᠳᠤᠯ ᠦᠭᠡᠢ ᠢᠳᠡᠭᠡᠨ᠂ ᠤᠷᠭᠠᠨᠢᠭ ᠮᠠᠯ  ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠪᠤᠯᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ  ᠪᠦᠳᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯᠳᠦ ᠲᠠᠸᠠᠷ ᠤᠨ ᠲᠡᠮᠳᠡᠭ︾ ᠤᠨ ᠬᠠᠷᠢᠴᠠᠯ ᠢ 50% ᠠᠴᠠ ᠲᠡᠭᠡᠭᠰᠢ ᠳᠤ ᠬᠦᠷᠭᠡᠵᠦ᠂ ᠵᠤᠷᠰᠢᠯᠳᠤ ᠪᠠᠶᠢᠴᠠᠭᠠᠯᠳᠠ ᠳᠤ ᠬᠢᠷᠢ ᠲᠡᠩᠴᠡᠭᠰᠡᠨ ᠨᠤᠷᠮ᠎ᠠ ᠶᠢ 96% ᠠᠴᠠ ᠲᠡᠭᠡᠭᠰᠢ ᠬᠦᠷᠭᠡᠬᠦ ᠬᠡᠷᠡᠭᠳᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号