ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/1/17
                               ᠥᠪᠥᠷ ᠵᠠᠰᠠᠭ ᠲᠠᠷᠬᠠᠭᠠᠭᠰᠠᠨ ﹇2017﹈ 111 ᠳ᠋ᠤᠭᠡᠷ ᠲᠤᠭᠠᠳᠤ                                             2017 ᠣᠨ ᠤ 8 ᠳ᠋ᠤᠭᠠᠷ ᠰᠠᠷ᠎ᠠ ᠶᠢᠨ 4᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠤᠬᠢᠷᠳᠤᠯ      ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ      ᠮᠠᠨ ᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠶᠡᠷᠦᠩᠬᠡᠢ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠬᠥᠭᠵᠢᠭᠦᠯᠦᠯᠲᠡ ᠶᠢ ᠠᠮᠢ ᠠᠬᠤᠢ ᠶᠢᠨ ᠣᠷᠴᠢᠨ ᠲᠣᠭᠤᠷᠢᠨ ᠯᠤᠭ᠎ᠠ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠂ ᠠᠭᠤᠷᠬᠠᠢ ᠶᠢᠨ ᠦᠢᠯᠡᠰ ᠤᠨ ᠨᠡᠭᠡᠭᠡᠯᠲᠡ ᠬᠥᠭᠵᠢᠭᠦᠯᠦᠯᠲᠡ ᠶᠢᠨ ᠪᠤᠬᠢᠷᠳᠤᠯ ᠦᠭᠡᠢ᠂ ᠡᠷᠡᠭᠦᠯ ᠪᠦᠭᠡᠳ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠲᠤᠰᠠᠳᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ᠂ ᠡᠳ᠋ ᠤᠨ ᠵᠠᠰᠠᠭ ᠤᠨ ᠶᠠᠮᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠦᠨ᠂ ᠤᠯᠤᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠳᠤᠮᠳᠠᠳᠤ ᠤᠯᠤᠰ ᠤᠨ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ︽ᠪᠤᠬᠢᠷᠳᠤᠯ ᠦᠭᠡᠢ ᠠᠭᠤᠷᠬᠠᠢ ᠶᠢ ᠲᠦᠷᠭᠡᠳᠭᠡᠨ ᠪᠠᠶᠢᠭᠤᠯᠬᠤ ᠲᠣᠬᠠᠢ ᠬᠡᠷᠡᠭᠵᠢᠭᠦᠯᠬᠦ ᠰᠠᠨᠠᠯ︾ ︵ᠤᠯᠤᠰ ᠭᠠᠵᠠᠷ ᠰᠢᠷᠤᠢ ᠡᠬᠢ ᠪᠠᠶᠠᠯᠢᠭ ᠲᠣᠭᠲᠠᠭᠠᠯ ﹇2017﹈ 4 ᠳ᠋ᠤᠭᠡᠷ ᠲᠣᠭᠠᠲᠤ︶᠎ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠲᠦᠰᠦᠯ ᠢ ᠲᠣᠭᠲᠠᠭᠠᠪᠠ᠃      ᠨᠢᠭᠡ᠂ ᠴᠢᠬᠤᠯᠠ ᠠᠴᠢ ᠬᠤᠯᠪᠣᠭᠳᠠᠯ      ᠮᠠᠨ ᠤ ᠣᠷᠣᠨ ᠪᠣᠯ ᠠᠭᠤᠷᠬᠠᠢ ᠶᠢᠨ ᠡᠬᠢ ᠪᠠᠶᠠᠯᠢᠭ ᠤᠨ ᠲᠤᠮᠤ ᠣᠷᠣᠨ ᠪᠦᠭᠡᠳ ᠤᠯᠤᠰ ᠤᠨ ᠡᠨᠧᠷᠬᠢ᠂ ᠦᠩᠭᠡᠲᠦ ᠲᠡᠮᠦᠷᠯᠢᠭ ᠤᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠪᠣᠯᠣᠨ᠎ᠠ᠃ ᠠᠭᠤᠷᠬᠠᠢ ᠶᠢᠨ ᠦᠢᠯᠡᠰ ᠨᠢ ᠤᠯᠤᠰ ᠠᠷᠠᠳ ᠤᠨ ᠠᠵᠤ ᠠᠬᠤᠢ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠬᠦ ᠮᠥᠷᠲᠡᠭᠡᠨ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠪᠡ᠃ ᠭᠡᠪᠡᠴᠦ ᠡᠭᠦᠨ ᠤ ᠬᠠᠮᠲᠤ᠂ ᠮᠠᠨ ᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠬᠤ ᠨᠢ ᠶᠡᠷᠦᠩᠬᠡᠢ ᠳᠡᠭᠡᠨ ᠪᠠᠰᠠ ᠨᠡᠯᠢᠶᠡᠳ ᠤᠯᠠᠮᠵᠢᠯᠠᠯᠲᠤ ᠶᠤᠰᠣ ᠪᠠᠷ ᠪᠦᠳᠦᠭᠦᠯᠢᠭ ᠡᠵᠡᠩᠨᠡᠬᠦ ᠪᠠᠶᠢᠳᠠᠯ ᠲᠠᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢᠶᠠᠷ ᠨᠡᠯᠢᠶᠡᠳ ᠳᠣᠪᠤᠶᠢᠮ᠎ᠠ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠨᠡᠶᠢᠲᠡ ᠡᠵᠡᠯᠡᠨ ᠬᠡᠷᠡᠭᠯᠡᠭᠰᠡᠨ᠂ ᠡᠪᠳᠡᠨ ᠰᠦᠢᠳᠭᠡᠭᠰᠡᠨ ᠭᠠᠵᠠᠷ ᠰᠢᠷᠤᠢ ᠶᠢᠨ ᠲᠠᠯᠠᠪᠠᠢ ᠨᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠣᠪᠣᠭᠠᠯᠠᠵᠤ ᠦᠯᠡᠳᠡᠭᠰᠡᠨ ᠬᠡᠮᠵᠢᠶ᠎ᠡ ᠨᠢ ᠠᠷᠪᠢᠨ ᠠᠴᠠ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠠᠭᠤᠷᠬᠠᠢ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠬᠦᠨᠳᠦ ᠨᠣᠴᠢᠲᠠᠢ ᠨᠦᠯᠦᠭᠡᠯᠡᠵᠦ ᠪᠠᠶᠢᠭ᠎ᠠ ᠶᠢ ᠣᠯᠵᠤ ᠬᠠᠷᠠᠬᠤ ᠬᠡᠷᠡᠭᠲᠡᠢ᠃ ᠪᠤᠬᠢᠷᠳᠤᠯ ᠦᠭᠡᠢ ᠠᠭᠤᠷᠬᠠᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠠᠭᠤᠷᠬᠠᠢ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠦᠭᠡᠳ ᠠᠭᠤᠷᠬᠠᠢ ᠶᠢᠨ ᠦᠢᠯᠡᠰ ᠤᠨ ᠬᠦᠷᠢᠶ᠎ᠡ ᠴᠠᠷᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤᠷ᠂ ᠮᠠᠨ ᠤ ᠣᠷᠣᠨ ᠤ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠪᠦᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃      ᠬᠤᠶᠠᠷ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠬᠥᠭᠵᠢᠯᠲᠡ ᠶᠢᠨ ᠣᠨᠤᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢᠨ ᠲᠤᠭᠤᠷᠢᠨ ᠳᠤ᠂ ᠭᠤᠣᠯ ᠴᠤᠭᠴᠠ ᠶᠢᠨ ᠴᠢᠳᠠᠮᠵᠢᠲᠦ ᠣᠷᠣᠨ ᠤ ᠲᠦᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ︾᠎ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ ᠠᠭᠤᠷᠬᠠᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠤᠬᠢᠷᠳᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠦᠯᠦᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠪᠠ ᠬᠠᠮᠠᠭᠠᠯᠠᠬᠤ ᠶᠢᠨ ᠪᠦᠬᠦ ᠶᠠᠪᠤᠴᠠ ᠳᠤ ᠨᠡᠪᠲᠡᠷᠡᠭᠦᠯᠦᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠭᠤᠷᠬᠠᠢ ᠶᠢᠨ ᠦᠢᠯᠡᠰ ᠢ ᠬᠦᠲᠦᠯᠦᠨ ᠵᠢᠯᠤᠭᠤᠳᠬᠤ ᠪᠠ ᠳᠠᠶᠢᠴᠢᠯᠠᠨ ᠳᠠᠭᠠᠭᠤᠯᠵᠤ ᠪᠠᠶᠢᠭᠠᠳ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃      ︵ᠬᠤᠶᠠᠷ︶ ᠶᠡᠷᠦᠩᠬᠡᠢ ᠬᠠᠷᠠᠯᠲᠠ᠃ ᠵᠠᠰᠠᠭ ᠤᠨ ᠣᠷᠳᠣᠨ ᠠᠴᠠ ᠭᠤᠣᠯ ᠤᠳᠤᠷᠢᠳᠴᠤ᠂ ᠰᠠᠯᠠᠭ᠎ᠠ ᠮᠦᠴᠢᠷ ᠤᠳ ᠬᠠᠮᠵᠢᠯᠴᠠᠨ᠂ ᠭᠤᠷᠪᠠᠨ ᠱᠠᠲᠤ ᠪᠠᠷ ᠢᠶᠠᠨ ᠬᠤᠯᠪᠤᠭᠠᠯᠠᠨ ᠡᠭᠦᠳᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶᠠᠲᠤ ᠰᠢᠰᠲ᠋ᠧᠮᠵᠢ ᠶᠢᠨ ᠳᠦᠷᠢᠮ ᠢ ᠪᠠᠶᠢᠭᠤᠯᠤᠨ᠎ᠠ︔ ᠠᠮᠢ ᠠᠬᠤᠢ ᠶᠢᠨ ᠬᠡᠪᠡᠷᠡᠭ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ ᠬᠡᠪᠡᠷᠡᠭ ᠣᠷᠣᠨ ᠢ ᠬᠠᠮᠠᠭᠠᠯᠠᠬᠤ᠂ ᠰᠡᠷᠭᠦᠭᠡᠨ ᠵᠠᠰᠠᠬᠤ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠬᠠᠮᠢᠶ᠎ᠠ ᠪᠦᠬᠦᠢ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠵᠤ᠂ ᠠᠮᠢ ᠠᠬᠤᠢ ᠶᠢᠨ ᠬᠡᠪᠡᠷᠡᠭ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠯᠤᠭ᠎ᠠ ᠬᠠᠷᠢᠯᠴᠠᠨ ᠲᠣᠬᠢᠷᠠᠯᠴᠠᠭᠰᠠᠨ ᠣᠷᠴᠢᠨ ᠲᠣᠭᠤᠷᠢᠨ ᠢᠶᠠᠷ ᠨᠦᠬᠦᠷᠰᠡᠭ ᠬᠡᠯᠪᠡᠷᠢ ᠪᠦᠬᠦᠢ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠠᠮᠢ ᠠᠬᠤᠢ ᠶᠢᠨ ᠬᠡᠪᠡᠷᠡᠭ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠡ᠃ 2020 ᠣᠨ ᠪᠣᠯᠲᠠᠯ᠎ᠠ᠂ ᠪᠦᠬᠦ ᠣᠷᠣᠨ ᠤ ᠠᠭᠤᠷᠬᠠᠢ ᠶᠢ ᠶᠡᠷᠦᠩᠬᠡᠢ ᠳᠡᠭᠡᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠦᠬᠦᠴᠡᠯ ᠤᠨ ᠪᠠᠷᠢᠮᠵᠢᠶ᠎ᠠ ᠳᠤ ᠬᠦᠷᠦᠭᠦᠯᠵᠦ᠂ ᠡᠬᠢ ᠪᠠᠶᠠᠯᠢᠭ ᠢ ᠡᠷᠴᠢᠮᠲᠡᠢ ᠠᠷᠪᠢᠲᠠᠢ ᠠᠰᠢᠭᠯᠠᠬᠤ ᠬᠢᠷᠢ ᠬᠡᠮᠵᠢᠶ᠎ᠡ ᠶᠢ ᠮᠡᠳᠡᠭᠳᠡᠮ᠎ᠡ ᠳᠡᠭᠡᠭᠰᠢᠯᠡᠭᠦᠯᠦᠨ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠵᠤ᠂ ᠠᠭᠤᠷᠬᠠᠢ ᠶᠢᠨ ᠣᠷᠣᠨ ᠤ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠭᠤᠷᠬᠠᠢ ᠶᠢᠨ ᠦᠢᠯᠡᠰ ᠢ ᠪᠣᠬᠢᠷᠳᠤᠯ ᠦᠭᠡᠢ ᠪᠠᠷ ᠦᠷᠭᠦᠯᠵᠢᠯᠡᠨ ᠬᠥᠭᠵᠢᠬᠦ ᠰᠠᠶᠢᠨ ᠰᠠᠶᠢᠬᠠᠨ ᠣᠷᠴᠢᠯ ᠤᠨ ᠵᠠᠮ ᠳᠤ ᠣᠷᠤᠭᠤᠯᠵᠤ᠂ ᠠᠷᠪᠢᠲᠠᠢ ᠪᠦᠭᠡᠳ ᠦᠨᠳᠦᠷ ᠪᠦᠲᠦᠮᠵᠢᠲᠡᠢ᠂ ᠣᠷᠴᠢᠨ ᠲᠣᠭᠤᠷᠢᠨ ᠨᠢ ᠦᠵᠡᠰᠭᠦᠯᠡᠩ᠂ ᠡᠶ᠎ᠡ ᠵᠣᠬᠢᠴᠠᠯ ᠲᠠᠢ ᠠᠭᠤᠷᠬᠠᠢ ᠶᠢᠨ ᠭᠠᠵᠠᠷ ᠨᠤᠲᠤᠭ ᠪᠣᠯᠭᠠᠬᠤ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠡᠭᠡᠨ ᠪᠠᠶᠢᠭᠤᠯᠤᠨ᠎ᠠ᠃      2018 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠰᠢᠨ᠎ᠡ ᠪᠠᠷ ᠪᠠᠶᠢᠭᠤᠯᠬᠤ ᠠᠭᠤᠷᠬᠠᠢ ᠪᠦᠬᠦᠨ ᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠤᠰᠤᠭᠠᠷ ᠲᠦᠷᠭᠡᠳᠭᠡᠨ ᠰᠢᠨᠡᠳᠭᠡᠨ ᠵᠠᠰᠠᠵᠤ ᠳᠡᠰ ᠳᠡᠪᠰᠢᠭᠦᠯᠦᠨ᠂ ᠬᠤᠭᠤᠴᠠᠭ᠎ᠠ ᠬᠢᠵᠠᠭᠠᠷᠯᠠᠵᠤ ᠪᠠᠶᠢᠭᠠᠳ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠦᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ 3 ᠪᠠᠶᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠡᠬᠢᠯᠡᠭᠦᠯᠵᠦ ᠡᠭᠦᠳᠦᠨ ᠪᠠᠶᠢᠭᠤᠯᠤᠨ᠎ᠠ᠃ 2018 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢ 35 ᠡᠭᠦᠳᠦᠨ ᠪᠠᠶᠢᠭᠤᠯᠵᠤ ᠪᠡᠶᠡᠯᠡᠭᠦᠯᠦᠨ᠎ᠡ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢ 300 ᠪᠠᠶᠢᠭᠤᠯᠵᠤ ᠪᠡᠶᠡᠯᠡᠭᠦᠯᠦᠨ᠎ᠡ᠃ 2025 ᠣᠨ ᠪᠣᠯᠲᠠᠯ᠎ᠠ᠂ ᠪᠦᠬᠦ ᠠᠭᠤᠷᠬᠠᠢ ᠶᠢ ᠤᠯᠤᠰ ᠤᠨ ᠪᠤᠶᠤ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠠᠭᠤᠷᠬᠠᠢ ᠶᠢᠨ ᠠᠵᠤ ᠠᠬᠤᠶᠢᠯᠠᠯ ᠢ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ      ︵ᠨᠢᠭᠡ︶ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠲᠦᠯᠦᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠦᠬᠦ ᠣᠷᠣᠨ ᠤ ᠦᠢᠯᠡᠳᠪᠦᠷᠢᠯᠡᠵᠦ ᠪᠠᠶᠢᠭ᠎ᠠ ᠠᠭᠤᠷᠬᠠᠢ᠂ ᠰᠢᠨ᠎ᠡ ᠪᠠᠷ ᠪᠠᠶᠢᠭᠤᠯᠤᠭᠰᠠᠨ ᠠᠭᠤᠷᠬᠠᠢ ᠪᠦᠬᠦᠨ ᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠳᠤ ᠣᠷᠤᠭᠤᠯᠬᠤ ᠬᠡᠷᠡᠭᠲᠡᠢ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠤᠯᠢ ᠶᠤᠰᠤᠭᠠᠷ ᠠᠭᠤᠷᠬᠠᠢ ᠡᠷᠬᠢᠯᠡᠬᠦ᠂ ᠵᠢᠷᠤᠮᠵᠢᠯ ᠲᠠᠢ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠬᠢ ᠶᠢ ᠠᠷᠪᠢᠯᠠᠵᠤ ᠪᠣᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ᠂ ᠨᠡᠶᠢᠭᠡᠮ ᠲᠣᠭᠤᠷᠢᠭ ᠢ ᠡᠶ᠎ᠡ ᠵᠣᠬᠢᠴᠠᠯ ᠲᠠᠢ ᠪᠠᠶᠢᠯᠭᠠᠬᠤ᠂ ᠠᠵᠤ ᠠᠬᠤᠶᠢᠯᠠᠯ ᠤᠨ ᠰᠤᠶᠤᠯ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠦᠪᠡᠷᠲᠡᠭᠡᠨ ᠵᠠᠰᠬᠠᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠬᠤᠶᠠᠷ︶ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶᠠᠲᠦ ᠰᠢᠰᠲ᠋ᠧᠮᠵᠢ ᠶᠢ ᠪᠠᠶᠢᠭᠤᠯᠤᠨ᠎ᠠ᠃ ᠭᠠᠵᠠᠷ ᠣᠷᠣᠨ ᠪᠠ ᠠᠵᠢᠯ ᠲᠦᠷᠦᠯ ᠤᠨ ᠣᠨᠴᠠᠯᠢᠭ ᠲᠠᠢ ᠨᠢ ᠤᠶᠠᠯᠳᠤᠭᠤᠯᠤᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠨᠡᠭᠦᠷᠡᠰᠦ᠂ ᠦᠩᠭᠡᠲᠦ ᠲᠡᠮᠦᠷᠯᠢᠭ᠂ ᠠᠯᠲᠠ᠂ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ᠂ ᠬᠠᠶᠢᠷ ᠲᠠᠢ ᠰᠢᠷᠤᠢ ᠶᠢᠨ ᠠᠭᠤᠷᠬᠠᠢ ᠵᠡᠷᠭᠡ ᠠᠵᠢᠯ ᠲᠦᠷᠦᠯ ᠤᠨ ᠲᠠᠯ᠎ᠠ ᠪᠠᠷ ᠬᠢ ᠦᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠠᠷᠢᠮᠵᠢᠶ᠎ᠠ ᠶᠢ ᠲᠣᠭᠲᠠᠭᠠᠵᠤ ᠪᠡᠶᠡᠯᠡᠭᠦᠯᠦᠨ᠎ᠡ᠃ ︵ᠦᠪᠡᠷᠲᠡᠭᠡᠨ ᠵᠠᠰᠬᠠᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ︵ᠭᠤᠷᠪᠠ︶ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠲᠣᠭᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠲᠣᠬᠠᠢ ᠤᠯᠤᠰ ᠤᠨ ᠲᠥᠷᠥ ᠶᠢᠨ ᠪᠣᠳᠣᠯᠭ᠎ᠠ ᠶᠤᠰᠤᠭᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠤ ᠵᠠᠰᠠᠯᠲᠠ ᠬᠠᠮᠢᠶᠠᠷᠤᠯᠲᠠ ᠶᠢᠨ ᠠᠷᠭ᠎ᠠ︾᠎ ᠶᠢ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠤᠭᠤᠯᠵᠤ᠂ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠤ ᠪᠠᠲᠤᠯᠠᠭ᠎ᠠ ᠶᠢᠨ ᠮᠦᠩᠭᠦ ᠶᠢ ᠬᠦᠴᠦᠨ ᠦᠭᠡᠢ ᠪᠣᠯᠭᠠᠨ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢ ᠰᠡᠷᠭᠦᠭᠡᠬᠦ ᠰᠠᠭᠤᠷᠢ ᠮᠦᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠦᠪᠡᠷ ᠤᠨ ᠦᠷᠲᠡᠭ ᠲᠤ ᠪᠤᠳᠤᠵᠤ ᠣᠷᠤᠭᠤᠯᠤᠨ᠂ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠶᠡᠷᠦᠩᠬᠡᠢ ᠵᠠᠰᠠᠯᠲᠠ ᠳᠤ ᠬᠡᠷᠡᠭᠯᠡᠨ᠎ᠡ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠣᠳᠣ ᠶᠢᠨ ᠪᠠᠶᠢᠭ᠎ᠠ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠤ ᠪᠠᠲᠤᠯᠠᠭ᠎ᠠ ᠶᠢᠨ ᠮᠦᠩᠭᠦ ᠶᠢ ᠬᠥᠭᠵᠢᠭᠡᠨ ᠭᠦᠢᠯᠭᠡᠭᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠭᠤᠷᠬᠠᠢ ᠶᠢᠨ ᠠᠵᠤ ᠠᠬᠤᠶᠢᠯᠠᠯ ︵ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠲᠠᠢ ᠨᠠᠩᠭᠢ ᠰᠢᠷᠤᠢ ᠪᠠᠭᠲᠠᠬᠤ ᠦᠭᠡᠢ︶᠎ ᠤᠨ ᠬᠢᠨ ᠤ ᠬᠤᠭᠤᠴᠠᠭ᠎ᠠ ᠬᠤᠪᠢᠶᠠᠨ ᠵᠠᠰᠠᠬᠤ ᠲᠦᠰᠦᠯ ᠢ ᠦᠨᠳᠦᠰᠦᠯᠡᠨ᠂ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ ᠮᠦᠩᠭᠦ ᠶᠢ ᠱᠠᠲᠤ ᠬᠤᠭᠤᠴᠠᠭ᠎ᠠ ᠬᠤᠪᠢᠶᠠᠵᠤ ᠵᠤᠬᠢᠬᠤ ᠬᠡᠮᠵᠢᠶ᠎ᠡ ᠪᠠᠷ ᠭᠠᠷᠭᠠᠨ ᠠᠪᠴᠤ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠳᠤ ᠬᠡᠷᠡᠭᠯᠡᠬᠦ ᠶᠢ ᠵᠥᠪᠰᠢᠶᠡᠷᠡᠨ᠎ᠡ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠬᠠᠤᠯᠢ ᠳᠦᠷᠢᠮ ᠤᠨ ᠠᠯᠪᠠᠨ ᠭᠡᠷ ᠠᠴᠠ ᠬᠠᠮᠵᠢᠯᠴᠠᠨ᠎ᠠ︶      ︵ᠳᠥᠷᠪᠡ︶ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠤᠨ᠎ᠠ᠃ ᠣᠷᠳᠣᠰ ᠬᠤᠲᠠ ᠶᠢᠨ ᠵᠡᠭᠦᠨᠭᠠᠷ — ᠳ᠋ᠦᠩᠱᠧᠩ ᠬᠦᠷᠲᠡᠯᠡᠬᠢ᠂ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠬᠦᠯᠦᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠬᠦᠷᠲᠡᠯᠡᠬᠢ ᠭᠤᠷᠪᠠᠨ ᠲᠤᠮᠤ ᠣᠷᠣᠨ ᠪᠦᠰᠡ ᠳᠤ ᠦᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠨᠢᠭᠡ ᠪᠦᠯᠦᠭ ᠵᠢᠷᠤᠮᠯᠡᠨ ᠳᠠᠭᠤᠷᠢᠶᠠᠬᠤ ᠪᠠ ᠳᠡᠯᠭᠡᠷᠡᠭᠦᠯᠵᠦ ᠪᠣᠯᠬᠤᠶᠢᠴᠠ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠪᠣᠢ ᠪᠣᠯᠭᠠᠨ᠎ᠠ᠃ ᠵᠢᠱᠢᠶ᠎ᠡ ᠦᠵᠡᠭᠦᠯᠬᠦ ᠲᠤᠭᠤᠷᠢᠭ ᠲᠠᠬᠢ ᠪᠦᠬᠦ ᠠᠭᠤᠷᠬᠠᠢ ᠶᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠦᠯᠦᠪᠵᠢᠭᠦᠯᠭᠡ ᠳᠤ ᠣᠷᠤᠭᠤᠯᠵᠤ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠵᠦᠢ ᠵᠣᠬᠢᠰᠲᠠᠢ ᠲᠣᠬᠢᠷᠠᠭᠤᠯᠤᠨ᠂ ᠠᠭᠤᠷᠬᠠᠢ ᠶᠢᠨ ᠦᠢᠯᠡᠰ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠎ᠠ︔ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ ᠬᠢᠭᠡᠳ ᠡᠬᠢ ᠪᠠᠶᠠᠯᠢᠭ ᠢ ᠨᠡᠶᠢᠯᠡᠭᠦᠯᠦᠨ ᠡᠮᠬᠢᠯᠡᠬᠦ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢ ᠴᠡᠪᠡᠷᠯᠡᠨ ᠴᠡᠭᠴᠡᠯᠡᠬᠦ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠎ᠠ︔ ᠶᠡᠷᠦᠩᠬᠡᠶᠢᠯᠡᠨ ᠬᠠᠶᠢᠨ ᠪᠠᠶᠢᠴᠠᠭᠠᠬᠤ᠂ ᠦᠨᠡᠯᠡᠯᠲᠡ ᠬᠢᠬᠦ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠡᠨᠧᠷᠬᠢ᠂ ᠭᠠᠵᠠᠷ ᠰᠢᠷᠤᠢ ᠪᠠ ᠤᠰᠤ ᠬᠤᠷᠤᠭᠠᠬᠤ ᠬᠦᠴᠦᠯᠡᠴᠡ ᠶᠢ ᠪᠠᠭᠤᠷᠠᠭᠤᠯᠤᠨ᠎ᠠ᠃ ᠠᠭᠤᠷᠬᠠᠢ ᠶᠢᠨ ᠭᠠᠵᠠᠷ ᠤᠨ ᠡᠶ᠎ᠡ ᠵᠣᠬᠢᠴᠠᠯ ᠲᠠᠢ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢᠨ ᠠᠰᠢᠭ ᠲᠤᠰᠠ ᠬᠤᠪᠢᠶᠠᠷᠢᠯᠠᠬᠤ ᠲᠣᠭᠲᠠᠴᠠ ᠶᠢ ᠰᠤᠳᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠤᠨ ᠠᠰᠢᠭ ᠲᠤᠰᠠ ᠪᠠ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ︵ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠭᠢᠮ ᠠᠴᠠ ᠬᠠᠮᠵᠢᠯᠴᠠᠨ᠎ᠠ︶      ︵ᠲᠠᠪᠤ︶ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠡᠬᠢᠯᠡᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠦᠷᠨᠢᠭᠦᠯᠦᠭᠰᠡᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠦᠷᠦᠯ ᠵᠦᠢᠯ ᠨᠢ ᠡᠷᠬᠡᠪᠰᠢ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠲᠠᠯ᠎ᠠ ᠪᠠᠷ ᠵᠢᠱᠢᠶ᠎ᠡ ᠦᠵᠡᠭᠦᠯᠵᠦ ᠰᠢᠨ᠎ᠡ ᠶᠢ ᠡᠭᠦᠳᠦᠨ᠂ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠲᠣᠷᠰᠢᠯᠲᠠ ᠶᠢ ᠢᠳᠡᠪᠬᠢᠲᠡᠢ ᠦᠷᠨᠢᠭᠦᠯᠵᠦ᠂ ᠨᠡᠶᠢᠭᠡᠮ ᠤᠨ ᠬᠢᠨ ᠤ ᠪᠡᠯᠡ ᠭᠠᠷᠭᠠᠭᠰᠠᠨ ᠭᠠᠵᠠᠷ ᠬᠦᠷᠦᠰᠦᠨ ᠤ ᠲᠦᠷᠦᠯ ᠵᠦᠢᠯ ᠳᠤ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢ ᠰᠢᠨ᠎ᠡ ᠡᠭᠦᠳᠦᠯᠲᠡ ᠲᠠᠢ ᠪᠠᠷ ᠠᠬᠢᠭᠤᠯᠬᠤ ᠶᠢ ᠵᠣᠷᠢᠬᠵᠢᠭᠤᠯᠬᠤ ᠪᠠ ᠳᠡᠮᠵᠢᠬᠦ ᠬᠡᠷᠡᠭᠲᠡᠢ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠦᠷᠦᠯ ᠨᠢ ᠣᠷᠴᠢᠨ ᠲᠣᠭᠤᠷᠢᠨ ᠢ ᠬᠠᠮᠠᠭᠠᠯᠠᠬᠤ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ᠂ ᠤᠷ᠎ᠠ ᠮᠡᠷᠭᠡᠰᠢᠯ ᠪᠣᠯᠣᠨ ᠠᠷᠭ᠎ᠠ ᠶᠢ ᠰᠤᠳᠤᠯᠬᠤ ᠪᠠ ᠳᠡᠯᠭᠡᠷᠡᠭᠦᠯᠵᠦ ᠬᠡᠷᠡᠭᠯᠡᠬᠦ ᠶᠢ ᠴᠢᠩᠭᠠᠳᠬᠠᠵᠤ᠂ ᠬᠦᠷᠦᠰᠦᠨ ᠤ ᠤᠷᠭᠤᠮᠠᠯ ᠤᠨ ᠬᠤᠴᠢᠯᠭ᠎ᠠ ᠶᠢᠨ ᠡᠪᠳᠡᠬᠦ ᠶᠢ ᠪᠠᠭᠠᠰᠬᠠᠨ᠂ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠬᠠᠮᠵᠢᠯᠴᠠᠨ᠎ᠠ︶      ︵ᠵᠢᠷᠭᠤᠭ᠎ᠠ︶ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ 2018 ᠣᠨ ᠠᠴᠠ ᠡᠬᠢᠯᠡᠵᠦ᠂ ᠰᠢᠨ᠎ᠡ ᠪᠠᠷ ᠪᠠᠶᠢᠭᠤᠯᠬᠤ ᠠᠭᠤᠷᠬᠠᠢ ᠳᠤ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠦᠲᠦᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠬᠤ᠂ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠵᠢᠴᠢ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ ᠲᠦᠰᠦᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠲᠦᠰᠦᠯ ᠳᠡᠭᠡᠨ ᠣᠷᠤᠭᠤᠯᠵᠤ᠂ ᠨᠢᠭᠡᠲᠦᠯᠲᠡᠢ ᠨᠠᠶᠢᠷᠠᠭᠤᠯᠤᠨ ᠵᠣᠬᠢᠶᠠᠵᠤ᠂ ᠨᠢᠭᠡᠲᠦᠯᠲᠡᠢ ᠬᠢᠨᠠᠨ ᠪᠠᠶᠢᠴᠠᠭᠠᠵᠤ᠂ ᠨᠢᠭᠡᠲᠦᠯᠲᠡᠢ ᠬᠡᠷᠡᠭᠵᠢᠭᠦᠯᠦᠨ᠎ᠡ︔ ᠣᠷᠴᠢᠨ ᠲᠣᠭᠤᠷᠢᠨ ᠳᠤ ᠡᠪᠳᠡᠭᠳᠡᠯ ᠢᠶᠠᠷ ᠨᠡᠯᠢᠶᠡᠳ ᠪᠠᠭ᠎ᠠ ᠪᠣᠯᠬᠤ ᠨᠡᠭᠡᠭᠡᠨ ᠮᠠᠯᠲᠠᠬᠤ ᠠᠷᠭ᠎ᠠ ᠬᠡᠯᠪᠡᠷᠢ᠂ ᠠᠭᠤᠷᠬᠠᠢ ᠮᠠᠯᠲᠠᠬᠤ ᠮᠡᠷᠭᠡᠵᠢᠯ ᠪᠠ ᠬᠦᠳᠡᠷ ᠰᠢᠯᠢᠬᠦ ᠠᠷᠭ᠎ᠠ ᠶᠢ ᠰᠤᠩᠭᠤᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ᠂ ᠣᠰᠣᠨ ᠠᠰᠢᠭᠯᠠᠯᠲᠠ ᠶᠢᠨ ᠰᠠᠯᠠᠭ᠎ᠠ ᠮᠦᠴᠢᠷ ᠤᠳ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠲᠦᠰᠦᠯ ᠪᠣᠯᠣᠨ ᠤᠰᠤ ᠬᠦᠷᠦᠰᠦ ᠶᠢ ᠬᠠᠮᠠᠭᠠᠯᠠᠬᠤ ᠲᠦᠰᠦᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠢᠨ ᠤ ᠬᠠᠮᠠᠭᠠᠯᠠᠬᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠮᠢ ᠠᠬᠤᠢ ᠶᠢ ᠬᠠᠮᠠᠭᠠᠯᠠᠬᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠤ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠂ ᠠᠭᠤᠷᠬᠠᠢ ᠶᠢᠨ ︽ᠭᠤᠷᠪᠠᠨ ᠬᠠᠶᠠᠭᠳᠠᠮᠠᠯ︾᠎ ᠢ ᠪᠦᠲᠦᠮᠵᠢᠲᠡᠢ ᠰᠢᠢᠳᠪᠦᠷᠢᠯᠡᠵᠦ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠠᠮᠦᠷ ᠲᠥᠪᠰᠢᠨ ᠤ ᠪᠡᠯᠡᠳᠭᠡᠮᠵᠢ ᠶᠢᠨ ᠵᠢᠷᠤᠭ ᠲᠦᠯᠦᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠬᠢᠨ ᠤ ᠠᠮᠦᠷ ᠲᠥᠪᠰᠢᠨ ᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠢ ᠶᠢᠨ ᠪᠤᠷᠬᠢᠳᠤᠯ ᠦᠭᠡᠢ ᠪᠦᠭᠡᠳ ᠠᠶᠤᠯ ᠦᠭᠡᠢ ᠦᠢᠯᠡᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠣᠰᠤᠨ ᠠᠰᠢᠭᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠵᠢᠯᠴᠠᠨ᠎ᠠ︶      ︵ᠳᠣᠯᠤᠭ᠎ᠠ︶ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ 2017 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ ᠨᠢ ᠠᠭᠤᠷᠬᠠᠢ ᠶᠢᠨ ᠣᠷᠴᠢᠨ ᠲᠣᠭᠤᠷᠢᠨ ᠤ ᠣᠳᠣ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ︽ᠬᠡᠨ ᠰᠦᠢᠳᠭᠡᠪᠡᠯ᠂ ᠲᠡᠷᠡ ᠥᠩ ᠰᠢᠮᠡᠯᠢᠭ ᠪᠣᠯᠭᠠᠨ ᠠᠰᠢᠭᠯᠠᠬᠤ︾ ᠵᠠᠷᠴᠢᠮ ᠢᠶᠠᠷ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠭᠤᠣᠯ ᠴᠤᠭᠴᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠦᠷᠭᠡᠳᠭᠡᠨ ᠨᠠᠶᠢᠷᠠᠭᠤᠯᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠪᠤᠷᠬᠢᠳᠤᠯ ᠦᠭᠡᠢ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠭᠤᠷᠬᠠᠢ ᠶᠢᠨ ᠭᠠᠵᠠᠷ ᠬᠦᠷᠦᠰᠦ ᠶᠢᠨ ᠣᠷᠴᠢᠨ ᠲᠣᠭᠤᠷᠢᠨ ᠤ ᠬᠤᠭᠤᠴᠠᠭ᠎ᠠ ᠬᠤᠪᠢᠶᠠᠨ ᠵᠠᠰᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠯᠲᠠ ᠬᠢᠬᠦ︾ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠢ ᠶᠢᠨ ᠤᠯᠠᠭᠠᠨ ᠲᠤᠭ᠎ᠠ ᠲᠠᠢ ᠪᠠᠶᠢᠯᠭᠠᠵᠤ ᠪᠣᠯᠬᠤ ᠦᠭᠡᠢ᠃ ᠨᠡᠭᠡᠭᠡᠨ ᠮᠠᠯᠲᠠᠭᠰᠠᠨ ᠢᠶᠠᠨ ᠪᠤᠴᠠᠭᠠᠨ ᠮᠠᠯᠲᠠᠵᠤ ᠠᠰᠢᠭᠯᠠᠬᠤ ᠨᠤᠷᠮ᠎ᠠ᠂ ᠰᠢᠯᠢᠵᠦ ᠦᠯᠡᠳᠡᠭᠰᠡᠨ ᠢᠶᠠᠨ ᠪᠤᠴᠠᠭᠠᠨ ᠬᠤᠷᠢᠶᠠᠬᠤ ᠨᠤᠷᠮ᠎ᠠ᠂ ᠶᠡᠷᠦᠩᠬᠡᠶᠢᠯᠡᠨ ᠠᠰᠢᠭᠯᠠᠬᠤ ᠨᠤᠷᠮ᠎ᠠ ᠳᠤ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠲᠦᠷᠭᠡᠬᠡᠨ ᠬᠦᠷᠦᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠵᠢᠴᠢ ᠪᠠᠷᠢᠮᠵᠢᠶ᠎ᠠ ᠶᠤᠰᠤᠭᠠᠷ᠂ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠵᠦ ᠰᠢᠨᠡᠴᠢᠯᠡᠬᠦ ᠶᠢ ᠲᠦᠷᠭᠡᠳᠭᠡᠨ ᠠᠬᠢᠭᠤᠯᠤᠨ᠎ᠠ᠃ ︽ᠭᠤᠷᠪᠠᠨ ᠬᠠᠶᠠᠭᠳᠠᠮᠠᠯ︾᠎ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠯᠡᠳᠡᠭᠳᠡᠯ ᠬᠦᠳᠡᠷ ᠪᠠ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠲᠡᠷᠢᠭᠦᠨ ᠤ ᠠᠭᠤᠷᠬᠠᠢ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠬᠡᠯᠪᠡᠷᠢ ᠶᠢ ᠠᠰᠢᠭᠯᠠᠨ᠂ ᠠᠮᠢ ᠠᠬᠤᠢ ᠶᠢᠨ ᠣᠷᠴᠢᠨ ᠲᠣᠭᠤᠷᠢᠨ ᠳᠠᠬᠢ ᠨᠦᠯᠦᠭᠡᠯᠡᠯ ᠢ ᠪᠠᠭᠠᠰᠬᠠᠬᠤ ᠶᠢ ᠨᠢ ᠵᠣᠷᠢᠬᠵᠢᠭᠤᠯᠤᠨ᠎ᠠ᠃ ᠠᠭᠤᠷᠬᠠᠢ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤ᠂ ᠬᠠᠶᠠᠭᠳᠠᠮᠠᠯ ᠪᠤᠳᠠᠰ ᠰᠢᠷᠤᠢ ᠴᠢᠯᠠᠭᠤ ᠤᠪᠤᠭᠠᠯᠠᠬᠤ ᠭᠠᠵᠠᠷ ᠤᠨ ᠲᠠᠯᠠᠪᠠᠢ ᠪᠠ ᠲᠤᠭ᠎ᠠ ᠬᠡᠮᠵᠢᠶ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ 2020 ᠣᠨ ᠪᠣᠯᠲᠠᠯ᠎ᠠ᠂ ᠪᠦᠬᠦ ᠣᠷᠣᠨ ᠳᠤ ᠪᠤᠬᠢᠷᠳᠤᠯ ᠦᠭᠡᠢ ᠠᠭᠤᠷᠬᠠᠢ ᠶᠢ 300 ᠭᠠᠷᠤᠢ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠠᠴᠠ ᠬᠠᠮᠵᠢᠯᠴᠠᠨ᠎ᠠ︶      ︵ᠨᠠᠢᠮᠠ︶ ᠠᠭᠤᠷᠬᠠᠢ ᠶᠢᠨ ᠭᠠᠵᠠᠷ ᠨᠤᠲᠤᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ᠂ ᠣᠯᠠᠨ ᠲᠦᠮᠡᠨ ᠤ ᠲᠦᠯᠦᠭᠡᠯᠡᠭᠴᠢ ᠬᠢᠭᠡᠳ ᠠᠵᠤ ᠠᠬᠤᠶᠢᠯᠠᠯ ᠯᠤᠭ᠎ᠠ ᠶᠢᠨ ᠤᠴᠢᠷ ᠶᠠᠪᠤᠳᠠᠯ ᠢ ᠵᠦᠪᠯᠡᠵᠦ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠢ ᠶᠢᠨ ᠭᠠᠵᠠᠷ ᠨᠤᠲᠤᠭ ᠤᠨ ᠵᠦᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠬᠤ ᠪᠠᠶᠢᠭᠤᠯᠤᠮᠵᠢ ᠪᠣᠯᠣᠨ ᠠᠵᠢᠯᠲᠠᠳ ᠢ ᠲᠤᠳᠤᠷᠬᠠᠶᠢᠯᠠᠨ᠂ ᠡᠯ᠎ᠡ ᠲᠦᠷᠦᠯ ᠤᠨ ᠵᠦᠷᠢᠴᠡᠯ ᠢ ᠴᠠᠭ ᠲᠣᠬᠠᠢ ᠳᠤᠨᠢ ᠲᠣᠬᠢᠲᠠᠢ ᠰᠢᠢᠳᠪᠦᠷᠢᠯᠡᠨ᠎ᠡ᠃ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ ᠶᠤᠰᠤᠭᠠᠷ ᠵᠢᠷᠤᠮᠵᠢᠯ ᠲᠠᠢ ᠨᠡᠭᠡᠭᠡᠨ ᠮᠠᠯᠲᠠᠵᠤ᠂ ᠠᠭᠤᠷᠬᠠᠢ ᠶᠢᠨ ᠭᠠᠵᠠᠷ ᠨᠤᠲᠤᠭ ᠤᠨ ᠵᠦᠷᠢᠴᠡᠯ ᠢ ᠵᠣᠬᠢᠴᠠᠭᠤᠯᠤᠨ ᠠᠷᠢᠯᠭᠠᠬᠤ ᠲᠣᠭᠲᠠᠴᠠ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠭᠡᠵᠦ᠂ ᠰᠠᠶᠢᠨ ᠰᠠᠶᠢᠬᠠᠨ ᠠᠵᠤ ᠠᠬᠤᠶᠢᠯᠠᠯ ᠤᠨ ᠳᠦᠷᠢ ᠳᠥᠷᠬᠦ ᠶᠢ ᠪᠣᠢ ᠪᠣᠯᠭᠠᠨ᠎ᠠ︔ ᠣᠷᠣᠨ ᠨᠣᠲᠤᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠠᠭᠤᠷᠬᠠᠢ ᠶᠢᠨ ᠣᠷᠣᠨ ᠵᠢᠴᠢ ᠣᠶᠢᠷ᠎ᠠ ᠬᠠᠪᠢ ᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︔ ᠠᠵᠢᠯ ᠣᠯᠭᠤᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠰᠠᠭᠤᠭᠠᠯᠢ ᠠᠷᠠᠳ ᠵᠢᠴᠢ ᠲᠡᠳᠡᠨᠦᠰ ᠤᠨ ᠦᠷ᠎ᠡ ᠬᠡᠦᠬᠡᠳ ᠤᠨ ᠠᠵᠢᠯ ᠣᠯᠭᠤᠯᠲᠠ ᠶᠢ ᠤᠷᠢᠳᠠᠪᠠᠷ ᠲᠣᠬᠢᠷᠠᠭᠤᠯᠤᠨ᠂ ᠶᠠᠳᠠᠭᠤ ᠶᠢ ᠲᠡᠳᠭᠦᠵᠦ ᠠᠪᠤᠷᠠᠨ ᠲᠤᠰᠠᠯᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠎ᠡ︔ ᠬᠦᠳᠡᠯᠮᠦᠷᠢ ᠦᠢᠯᠡᠴᠢᠯᠡᠭᠡ ᠶᠢ ᠨᠠᠶᠢᠳᠠᠬᠤ᠂ ᠪᠠᠷᠢᠯᠭ᠎ᠠ ᠶᠢ ᠳᠠᠭᠠᠭᠠᠴᠢᠯᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠠᠶᠢᠭ᠎ᠠ ᠭᠠᠵᠠᠷ ᠣᠷᠣᠨ ᠤ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠬᠢᠨ ᠤ ᠬᠠᠮᠲᠤ ᠨᠡᠶᠢᠲᠡ ᠶᠢᠨ ᠠᠵᠤ ᠠᠬᠤᠢ ᠪᠠᠨ ᠬᠥᠭᠵᠢᠭᠦᠯᠦᠨ ᠬᠦᠴᠦᠷᠭᠡᠭᠵᠢᠭᠦᠯᠬᠦ ᠶᠢ ᠳᠡᠮᠵᠢᠨ᠎ᠡ᠃ ᠦᠢᠯᠡᠳᠪᠦᠷᠢᠯᠡᠯ ᠤᠨ ᠶᠠᠪᠤᠴᠠ ᠳᠤ᠂ ᠠᠭᠤᠷᠬᠠᠢ ᠨᠤᠭᠤᠳ ᠨᠢ ᠨᠡᠶᠢᠭᠡᠮ ᠲᠣᠭᠤᠷᠢᠭ ᠤᠨ ᠠᠮᠢᠳᠤᠷᠠᠯ ᠢ ᠨᠦᠯᠦᠭᠡᠯᠡᠳᠡᠭ ᠦᠢᠯᠡᠳᠪᠦᠷᠢᠯᠡᠯ ᠤᠨ ᠠᠵᠢᠯᠯᠠᠭᠠᠨ ᠢ ᠴᠠᠭ ᠲᠣᠬᠠᠢ ᠳᠤᠨᠢ ᠲᠣᠬᠢᠷᠠᠭᠤᠯᠵᠤ᠂ ᠴᠦᠬᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠤᠶᠤᠯ ᠠᠮᠢᠳᠤᠷᠠᠯ ᠤᠨ ᠵᠠᠩ ᠵᠠᠩᠰᠢᠯ ᠢ ᠭᠦᠢᠴᠡᠳ ᠬᠦᠨᠳᠦᠳᠭᠡᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶      ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ      ︵ᠨᠢᠭᠡ︶ ᠳᠡᠮᠵᠢᠬᠦ ᠲᠥᠷᠥ ᠶᠢᠨ ᠪᠣᠳᠣᠯᠭ᠎ᠠ᠃ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠵᠤ ᠠᠬᠤᠶᠢᠯᠠᠯ ᠤᠳ ᠤᠨ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢ ᠴᠢᠷᠮᠠᠶᠢᠨ ᠡᠭᠦᠳᠬᠦ ᠶᠢ ᠵᠣᠷᠢᠬᠵᠢᠭᠤᠯᠤᠨ᠎ᠠ᠃ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃      1. ᠠᠭᠤᠷᠬᠠᠢ ᠶᠢᠨ ᠡᠬᠢ ᠪᠠᠶᠠᠯᠢᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠶᠡᠷᠦᠩᠬᠡᠢ ᠬᠡᠮᠵᠢᠶ᠎ᠡ ᠳᠤᠨᠢ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ ᠪᠠᠶᠢᠭ᠎ᠠ ᠠᠭᠤᠷᠬᠠᠢ ᠶᠢᠨ ᠲᠦᠷᠦᠯ ᠤᠨ ᠨᠡᠭᠡᠭᠡᠨ ᠮᠠᠯᠲᠠᠬᠤ ᠭᠦᠢᠴᠡᠳᠭᠡᠯ ᠲᠤᠭ᠎ᠠ᠂ ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠲᠠᠯᠪᠢᠬᠤ ᠳᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠢ ᠶᠢᠨ ᠬᠥᠭᠵᠢᠯᠲᠡ ᠶᠢᠨ ᠲᠦᠯᠦᠪᠵᠢᠭᠦᠯᠭᠡ ᠳᠤ ᠨᠡᠶᠢᠴᠡᠭᠰᠡᠨ ᠪᠠᠶᠢᠪᠠᠯ ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠳᠤ ᠤᠷᠢᠳᠠᠪᠠᠷ ᠲᠣᠬᠢᠷᠠᠭᠤᠯᠤᠨ᠎ᠠ᠃ ᠲᠤᠮᠤ ᠳᠤᠮᠳᠠ ᠬᠡᠯᠪᠡᠷᠢ ᠪᠦᠬᠦᠢ ᠪᠤᠬᠢᠷᠳᠤᠯ ᠦᠭᠡᠢ ᠠᠭᠤᠷᠬᠠᠢ ᠨᠤᠭᠤᠳ ᠤᠨ ᠵᠦᠪᠯᠡᠯᠴᠡᠭᠡᠷ ᠤᠨ ᠠᠷᠭ᠎ᠠ ᠬᠡᠯᠪᠡᠷᠢ ᠪᠠᠷ ᠠᠭᠤᠷᠬᠠᠢ ᠶᠢᠨ ᠭᠦᠨ ᠬᠡᠰᠡᠭ ᠤᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠶᠢ ᠵᠥᠪᠰᠢᠶᠡᠷᠡᠨ᠎ᠡ᠃      2. ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ᠃      ︵1︶ ᠭᠠᠵᠠᠷ ᠰᠢᠷᠤᠢ ᠠᠰᠢᠭᠯᠠᠬᠤ ᠲᠦᠯᠦᠪᠵᠢᠭᠦᠯᠭᠡ ᠲᠦᠯᠦᠪᠯᠡᠭᠡ ᠶᠢᠨ ᠪᠠᠲᠤᠯᠠᠭ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠶᠢ ᠲᠣᠬᠢᠷᠠᠭᠤᠯᠬᠤ ᠪᠠ ᠲᠡᠭᠦᠯᠳᠡᠷᠵᠢᠭᠦᠯᠬᠦ ᠳᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠯᠦᠪᠵᠢᠭᠦᠯᠭᠡ ᠳᠠᠬᠢ ᠭᠤᠣᠯᠳᠠᠯᠭ᠎ᠠ ᠲᠠᠢ ᠲᠦᠷᠦᠯ ᠵᠦᠢᠯ ᠤᠨ ᠨᠠᠷᠢᠨ ᠬᠠᠭᠤᠳᠠᠰᠤ ᠳᠤ ᠣᠷᠤᠭᠤᠯᠬᠤ ᠶᠢᠨ ᠬᠠᠮᠲᠤ᠂ ᠭᠠᠵᠠᠷ ᠰᠢᠷᠤᠢ ᠠᠰᠢᠭᠯᠠᠬᠤ ᠣᠨ ᠤ ᠲᠦᠯᠦᠪᠯᠡᠭᠡ ᠳᠤ ᠪᠤᠬᠢᠷᠳᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠥᠷᠭᠡᠳᠭᠡᠨ ᠪᠠᠶᠢᠭᠤᠯᠬᠤ ᠪᠠᠷ ᠰᠢᠨ᠎ᠡ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠵᠦᠢ ᠶᠤᠰᠤᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠬᠤ ᠬᠡᠷᠡᠭᠲᠡᠢ᠃      ︵2︶ ᠭᠠᠵᠠᠷ ᠬᠡᠷᠡᠭᠯᠡᠬᠦ ᠦᠪᠡᠷ ᠤᠨ ᠥᠷᠲᠡᠭ ᠢ ᠪᠠᠭᠤᠷᠠᠭᠤᠯᠤᠨ᠎ᠠ᠃ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠬᠠᠤᠯᠢ ᠶᠤᠰᠤᠭᠠᠷ ᠭᠦᠢᠴᠡᠳᠭᠡᠭᠰᠡᠨ ᠤ ᠳᠠᠷᠠᠭ᠎ᠠ᠂ ᠵᠦᠪᠯᠡᠯᠴᠡᠭᠡᠷ ᠤᠨ ᠠᠷᠭ᠎ᠠ ᠬᠡᠯᠪᠡᠷᠢ ᠶᠢ ᠠᠪᠴᠤ ᠬᠢᠮᠳᠠ ᠦᠨ᠎ᠡ ᠪᠠᠷ ᠬᠤᠳᠠᠯᠳᠤᠬᠤ᠂ ᠳᠦᠷᠢᠶᠡᠰᠦᠯᠡᠭᠦᠯᠬᠦ ᠪᠤᠶᠤ ᠤᠷᠢᠳᠠᠪᠠᠷ ᠳᠦᠷᠢᠶᠡᠰᠦᠯᠡᠭᠦᠯᠵᠦ ᠳᠠᠷᠠᠭ᠎ᠠ ᠨᠢ ᠬᠢᠮᠳᠠ ᠦᠨ᠎ᠡ ᠪᠠᠷ ᠬᠤᠳᠠᠯᠳᠤᠵᠤ ᠪᠣᠯᠣᠨ᠎ᠠ︔ ᠠᠭᠤᠷᠬᠠᠢ ᠶᠢᠨ ᠦᠢᠯᠡᠳᠪᠦᠷᠢᠯᠡᠯ ᠤᠨ ᠦᠶᠡᠯᠡᠯ᠂ ᠨᠡᠭᠡᠭᠡᠨ ᠮᠠᠯᠲᠠᠬᠤ ᠵᠢᠯ ᠬᠤᠭᠤᠴᠠᠭ᠎ᠠ ᠶᠢ ᠦᠨᠳᠦᠰᠦᠯᠡᠨ᠂ ᠬᠢᠮᠳᠠ ᠦᠨ᠎ᠡ ᠪᠠᠷ ᠬᠤᠳᠠᠯᠳᠤᠵᠤ ᠪᠣᠯᠬᠤ ᠪᠠᠷ ᠬᠠᠤᠯᠢ ᠳᠤ ᠲᠣᠭᠲᠠᠭᠠᠭᠰᠠᠨ ᠬᠠᠮᠤᠭ ᠠᠴᠠ ᠤᠷᠲᠤ ᠵᠢᠯ ᠬᠤᠭᠤᠴᠠᠭᠠᠨ ᠳᠤ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠢᠮᠳᠠ ᠦᠨ᠎ᠡ ᠪᠠᠷ ᠬᠤᠳᠠᠯᠳᠤᠬᠤ ᠬᠤᠭᠤᠴᠠᠭ᠎ᠠ ᠶᠢ ᠠᠮᠢᠳᠤᠯᠢᠭ ᠢᠶᠠᠷ ᠰᠤᠩᠭᠤᠵᠤ᠂ ᠤᠶᠠᠨ ᠬᠠᠷᠢᠮᠠᠬᠠᠢ ᠪᠠᠷ ᠬᠢᠮᠳᠠ ᠦᠨ᠎ᠡ ᠪᠠᠷ ᠬᠤᠳᠠᠯᠳᠤᠬᠤ ᠶᠢᠨ ᠬᠠᠮᠲᠤ᠂ ᠭᠠᠵᠠᠷ ᠰᠢᠷᠤᠢ ᠶᠢᠨ ᠬᠢᠮᠳᠠ ᠦᠨ᠎ᠡ ᠪᠠᠷ ᠬᠤᠳᠠᠯᠳᠤᠬᠤ ᠭᠡᠷ᠎ᠡ ᠳᠤ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠬᠤ ᠦᠨ᠎ᠡ ᠶᠢ ᠬᠤᠭᠤᠴᠠᠭ᠎ᠠ ᠬᠤᠪᠢᠶᠠᠵᠤ ᠲᠤᠰᠢᠶᠠᠬᠤ ᠪᠠᠷ ᠪᠤᠯᠵᠤᠵᠤ ᠪᠣᠯᠣᠨ᠎ᠠ᠃      ︵3︶ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠤᠨ ᠤᠭ ᠤᠨ ᠪᠠᠶᠢᠭᠰᠠᠨ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ ᠢ ᠥᠩ ᠰᠢᠮᠡᠯᠢᠭ ᠪᠣᠯᠭᠠᠨ ᠠᠰᠢᠭᠯᠠᠵᠤ ᠴᠢᠯᠦᠭᠡᠲᠡᠢ ᠭᠦᠢᠯᠭᠡᠭᠡᠬᠦ ᠶᠢ ᠳᠡᠮᠵᠢᠨ᠎ᠡ᠃ ᠪᠤᠬᠢᠷᠳᠤᠯ ᠦᠭᠡᠢ ᠠᠭᠤᠷᠬᠠᠢ ᠶᠢᠨ ᠬᠢᠨ ᠤ ᠤᠭ ᠤᠨ ᠪᠠᠶᠢᠭᠰᠠᠨ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ ᠢ ᠴᠠᠭ ᠲᠣᠬᠠᠢ ᠳᠤᠨᠢ ᠥᠩ ᠰᠢᠮᠡᠯᠢᠭ ᠪᠣᠯᠭᠠᠨ ᠠᠰᠢᠭᠯᠠᠵᠤ ᠴᠢᠯᠦᠭᠡᠲᠡᠢ ᠭᠦᠢᠯᠭᠡᠭᠡᠬᠦ ᠶᠢ ᠳᠡᠮᠵᠢᠬᠦ ᠶᠢᠨ ᠬᠠᠮᠲᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠯᠤᠭ᠎ᠠ ᠬᠤᠯᠪᠣᠬᠤ ᠬᠡᠷᠡᠭᠲᠡᠢ︔ ᠲᠦᠯᠦᠪᠵᠢᠭᠦᠯᠭᠡ ᠪᠠ ᠠᠮᠢ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠳᠠᠯ ᠳᠣᠣᠷ᠎ᠠ᠂ ᠦᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠦᠢᠯᠡᠳᠪᠦᠷᠢ ᠠᠭᠤᠷᠬᠠᠢ ᠶᠢᠨ ᠣᠷᠬᠢᠭᠳᠠᠵᠤ ᠪᠠᠶᠢᠭᠰᠠᠨ ᠭᠠᠵᠠᠷ ᠢ ᠥᠩ ᠰᠢᠮᠡᠯᠢᠭ ᠪᠣᠯᠭᠠᠵᠤ ᠠᠰᠢᠭᠯᠠᠨ ᠨᠡᠮᠡᠭᠳᠡᠭᠦᠯᠦᠭᠰᠡᠨ ᠲᠠᠷᠢᠶᠠᠯᠠᠬᠤ ᠭᠠᠵᠠᠷ ᠢ ᠲᠠᠷᠢᠶᠠᠯᠠᠬᠤ ᠭᠠᠵᠠᠷ ᠤᠨ ᠡᠵᠡᠯᠡᠭᠰᠡᠨ ᠪᠠ ᠨᠦᠬᠦᠪᠦᠷᠢᠯᠡᠬᠦ ᠶᠢ ᠲᠡᠩᠴᠡᠭᠦᠷᠢ ᠲᠠᠢ ᠪᠣᠯᠭᠠᠬᠤ ᠳᠤ ᠬᠡᠷᠡᠭᠯᠡᠬᠦ ᠶᠢ ᠵᠥᠪᠰᠢᠶᠡᠷᠡᠨ᠎ᠡ︔ ᠠᠭᠤᠷᠬᠠᠢ ᠶᠢ ᠬᠠᠤᠯᠢ ᠶᠤᠰᠤᠭᠠᠷ ᠨᠡᠭᠡᠭᠡᠨ ᠮᠠᠯᠲᠠᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠤᠢ ᠶᠢ ᠡᠪᠳᠡᠵᠦ ᠰᠦᠢᠳᠭᠡᠭᠰᠡᠨ ᠮᠦᠷᠲᠡᠭᠡᠨ ᠰᠡᠷᠭᠦᠭᠡᠵᠦ ᠳᠡᠶᠢᠯᠬᠦ ᠦᠭᠡᠢ ᠪᠣᠯᠣᠭᠰᠠᠨ ᠪᠠᠶᠢᠪᠠᠯ ᠭᠠᠵᠠᠷ ᠰᠢᠷᠤᠢ ᠶᠢᠨ ᠬᠡᠷᠡᠭᠯᠡᠬᠦ ᠶᠢ ᠬᠤᠪᠢᠷᠠᠭᠤᠯᠬᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠳᠡᠰ ᠳᠠᠷᠠᠭᠠᠯᠠᠯ ᠢᠶᠠᠷ ᠪᠤᠳᠠᠳᠤ ᠭᠠᠵᠠᠷ ᠲᠤᠨᠢ ᠪᠠᠶᠢᠴᠠᠭᠠᠯᠲᠠ ᠦᠷᠨᠢᠭᠦᠯᠵᠦ᠂ ᠲᠤᠰᠬᠠᠢ ᠮᠡᠳᠡᠭᠦᠯᠵᠦ ᠬᠢᠨᠠᠨ ᠪᠠᠶᠢᠴᠠᠭᠠᠯᠲᠠ ᠪᠠᠷ ᠪᠠᠲᠤᠯᠠᠭᠰᠠᠨ ᠤ ᠳᠠᠷᠠᠭ᠎ᠠ ᠣᠨ ᠤ ᠬᠤᠪᠢᠷᠠᠭᠤᠯᠬᠤ ᠪᠠᠶᠢᠴᠠᠭᠠᠯᠲᠠ ᠳᠤ ᠣᠷᠤᠭᠤᠯᠤᠨ᠎ᠠ᠂ ᠲᠠᠷᠢᠶᠠᠯᠠᠬᠤ ᠭᠠᠵᠠᠷ ᠲᠤ ᠬᠤᠯᠪᠣᠭᠳᠠᠭᠰᠠᠨ ᠪᠠᠶᠢᠪᠠᠯ ᠪᠠᠶᠢᠯᠭᠠᠪᠠᠰᠤ ᠵᠤᠬᠢᠬᠤ ᠲᠠᠷᠢᠶᠠᠯᠠᠬᠤ ᠭᠠᠵᠠᠷ ᠤᠨ ᠬᠡᠮᠵᠢᠶ᠎ᠡ ᠶᠢ ᠦᠨᠡᠨ ᠪᠣᠲᠠᠲᠠᠢ ᠪᠠᠷ ᠬᠠᠷᠭᠤᠭᠤᠯᠵᠤ ᠬᠠᠰᠤᠨ᠎ᠠ᠂ ᠭᠡᠪᠡᠴᠦ ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠰᠦᠨ ᠲᠠᠷᠢᠶᠠᠨ ᠭᠠᠵᠠᠷ ᠲᠤ ᠬᠤᠯᠪᠣᠭᠳᠠᠭᠰᠠᠨ ᠪᠠᠶᠢᠪᠠᠯ ᠨᠦᠬᠦᠵᠦ ᠲᠦᠯᠦᠪᠵᠢᠭᠦᠯᠵᠦ ᠬᠤᠪᠢᠶᠠᠷᠢᠯᠠᠬᠤ ᠬᠡᠷᠡᠭᠲᠡᠢ᠃      3. ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠡᠳ᠋ ᠤᠨ ᠵᠠᠰᠠᠭ ᠵᠢᠴᠢ ᠲᠦᠷᠦᠯ ᠵᠦᠢᠯ ᠤᠨ ᠬᠠᠮᠢᠶ᠎ᠠ ᠪᠦᠬᠦᠢ ᠵᠢᠷᠤᠮᠵᠢᠭᠰᠠᠨ ᠪᠠᠷᠢᠮᠵᠢᠶ᠎ᠠ ᠳᠤ ᠵᠠᠰᠠᠪᠤᠷᠢ ᠣᠷᠤᠭᠤᠯᠤᠨ ᠲᠣᠭᠲᠠᠭᠠᠵᠤ᠂ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ ᠢ ᠬᠡᠷᠡᠭᠯᠡᠬᠦ ᠳᠤ ᠰᠢᠨ᠎ᠡ ᠪᠠᠷ ᠨᠡᠮᠡᠭᠳᠡᠭᠰᠡᠨ ᠰᠦᠢᠳᠭᠡᠯ ᠵᠢᠴᠢ ᠠᠵᠢᠯᠯᠠᠬᠤ ᠣᠷᠣᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠦᠢᠳᠭᠡᠯ ᠢ ᠲᠦᠷᠦᠯ ᠵᠦᠢᠯ ᠤᠨ ᠲᠦᠰᠥᠪ ᠲᠤ ᠣᠷᠤᠭᠤᠯᠬᠤ ᠶᠢ ᠵᠥᠪᠰᠢᠶᠡᠷᠡᠨ᠎ᠡ᠃ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠤᠳ ᠭᠠᠵᠠᠷ ᠬᠦᠷᠦᠰᠦᠨ ᠤ ᠠᠭᠤᠷᠬᠠᠢ ᠶᠢᠨ ᠭᠠᠷᠤᠯᠲᠠ ᠶᠢᠨ ᠪᠠᠶᠢᠴᠠᠭᠠᠵᠤ ᠦᠨᠡᠯᠡᠬᠦ ᠪᠡᠯᠡ ᠮᠦᠩᠭᠦ ᠶᠢ ᠲᠣᠬᠢᠷᠠᠭᠤᠯᠬᠤ ᠳᠠᠭᠠᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠦᠬᠦᠴᠡᠯ ᠳᠤ ᠨᠡᠶᠢᠴᠡᠭᠰᠡᠨ ᠲᠦᠷᠦᠯ ᠵᠦᠢᠯ ᠲᠡᠰᠢ ᠪᠠᠨ ᠵᠣᠬᠢᠰᠲᠠᠢ ᠪᠠᠷ ᠬᠠᠷᠠᠭᠠᠯᠵᠠᠯ ᠦᠵᠡᠭᠦᠯᠦᠨ᠎ᠡ︔ ᠲᠥᠪ ᠤᠨ ᠪᠡᠯᠡ ᠮᠦᠩᠭᠦ ᠶᠢ ᠰᠠᠶᠢᠲᠤᠷ ᠬᠡᠷᠡᠭᠯᠡᠬᠦ ᠶᠢᠨ ᠬᠠᠮᠲᠤ᠂ ᠣᠷᠣᠨ ᠨᠤᠲᠤᠭ ᠤᠨ ᠭᠠᠵᠠᠷ ᠬᠦᠷᠦᠰᠦᠨ ᠤ ᠠᠭᠤᠷᠬᠠᠢ ᠶᠢᠨ ᠭᠠᠷᠤᠯᠲᠠ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠬᠦᠨᠳᠦ ᠦᠩᠭᠡᠲᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ ᠵᠡᠷᠭᠡ ᠡᠳ᠋ ᠤᠨ ᠵᠠᠰᠠᠭ ᠤᠨ ᠪᠡᠯᠡ ᠮᠦᠩᠭᠦ ᠶᠢ ᠨᠢᠭᠡᠲᠦᠯᠲᠡᠢ ᠲᠦᠯᠦᠪᠯᠡᠵᠦ ᠲᠣᠬᠢᠷᠠᠭᠤᠯᠬᠤ ᠪᠠᠨ ᠴᠢᠩᠭᠠᠳᠬᠠᠵᠤ᠂ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠦᠬᠦᠴᠡᠯ ᠳᠤ ᠨᠡᠶᠢᠴᠡᠭᠰᠡᠨ ᠲᠦᠷᠦᠯ ᠵᠦᠢᠯ ᠢ ᠤᠷᠢᠳᠠᠪᠠᠷ ᠳᠡᠮᠵᠢᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠦᠩᠭᠦ ᠳᠤ ᠱᠠᠩᠨᠠᠨ ᠬᠦᠬᠢᠭᠦᠯᠬᠦ ᠳᠦᠷᠢᠮ ᠢ ᠪᠠᠶᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ᠢ ᠱᠠᠩᠨᠠᠨ ᠬᠦᠬᠢᠭᠦᠯᠬᠦ ᠬᠡᠷᠡᠭᠲᠡᠢ᠃ ︽ᠤᠯᠤᠰ ᠤᠨ ᠭᠤᠣᠯᠳᠠᠯᠭ᠎ᠠ ᠲᠠᠢ ᠳᠡᠮᠵᠢᠵᠦ ᠪᠦᠬᠦᠢ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭ᠎ᠠ︾᠎ ᠶᠢᠨ ᠬᠡᠪᠴᠢᠶᠡᠨ ᠳᠠᠬᠢ᠂ ᠨᠦᠬᠦᠴᠡᠯ ᠳᠤ ᠨᠡᠶᠢᠴᠡᠬᠦ ᠮᠦᠷᠲᠡᠭᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠤᠯᠢ ᠶᠤᠰᠤᠭᠠᠷ ᠪᠠᠭᠠᠰᠬᠠᠭᠠᠳ 15%᠎ ᠶᠢᠨ ᠭᠠᠶᠢᠯᠢ ᠶᠢᠨ ᠨᠤᠷᠮ᠎ᠠ ᠪᠠᠷ ᠲᠠᠲᠠᠪᠤᠷᠢᠯᠠᠨ᠎ᠠ᠃      4. ᠵᠦᠢ ᠶᠤᠰᠤᠨ ᠤ ᠮᠦᠩᠭᠦᠨ ᠭᠦᠢᠯᠭᠡᠭᠡᠨ ᠢᠶᠠᠷ ᠳᠡᠳᠭᠦᠬᠦ ᠲᠥᠷᠥ ᠶᠢᠨ ᠪᠣᠳᠣᠯᠭ᠎ᠠ᠃ ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠪᠣᠬᠢᠷᠳᠤᠯ ᠦᠭᠡᠢ ᠠᠭᠤᠷᠬᠠᠢ ᠶᠢᠨ ᠣᠨᠴᠠᠯᠢᠭᠲᠤ ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠢ ᠰᠤᠳᠤᠯᠤᠨ ᠬᠥᠭᠵᠢᠭᠦᠯᠵᠦ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠡᠯᠡ ᠮᠦᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠪᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠢᠳᠡᠪᠬᠢᠲᠡᠢ ᠰᠠᠶᠢᠲᠤᠷ ᠬᠢᠯᠭᠡᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠵᠦᠢ ᠶᠤᠰᠤᠨ ᠤ ᠴᠡᠪᠡᠷ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠶᠢ ᠴᠢᠩᠭᠠᠳᠬᠠᠬᠤ ᠬᠡᠷᠡᠭᠲᠡᠢ᠃ ᠪᠤᠬᠢᠷᠳᠤᠯ ᠦᠭᠡᠢ ᠠᠭᠤᠷᠬᠠᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠣᠯᠬᠤ ᠰᠢᠰᠲ᠋ᠧᠮ ᠳᠤ ᠣᠷᠤᠭᠤᠯᠵᠤ᠂ ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠢᠲᠡᠭᠡᠮᠵᠢᠲᠦ ᠵᠢᠭᠡᠯᠡᠯᠭᠡ ᠶᠢᠨ ᠲᠣᠬᠠᠶᠢᠯᠠᠭᠰᠠᠨ ᠠᠵᠢᠯ ᠢ ᠭᠦᠢᠴᠡᠳᠭᠡᠬᠦ ᠪᠠ ᠪᠤᠰᠤᠳ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠴᠢᠬᠤᠯᠠ ᠭᠦᠢᠴᠡᠳᠭᠡᠯ ᠲᠣᠭᠠᠨ ᠤ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠳᠡᠮᠵᠢᠵᠦ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠪᠦᠲᠦᠴᠡᠲᠦ ᠳᠠᠭᠠᠭᠠᠯᠲᠠ ᠶᠢᠨ ᠰᠠᠭᠤᠷᠢ ᠮᠦᠩᠭᠦ ᠶᠢ ᠰᠦᠪᠡᠭᠴᠢᠯᠡᠨ ᠪᠠᠶᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠠ ᠲᠦᠷᠦᠯ ᠵᠦᠢᠯ ᠳᠤ ᠢᠲᠡᠭᠡᠮᠵᠢ ᠨᠡᠮᠡᠭᠳᠡᠭᠦᠯᠬᠦ ᠦᠢᠯᠡᠴᠢᠯᠡᠭᠡ ᠶᠢ ᠬᠠᠩᠭᠠᠨ᠎ᠠ᠃ ᠨᠡᠶᠢᠭᠡᠮ ᠤᠨ ᠬᠦᠷᠦᠩᠭᠡ ᠮᠦᠩᠭᠦ ᠶᠢ ᠵᠣᠷᠢᠬᠵᠢᠭᠤᠯᠵᠤ ᠪᠤᠬᠢᠷᠳᠤᠯ ᠦᠭᠡᠢ ᠠᠭᠤᠷᠬᠠᠢ ᠶᠢᠨ ᠠᠵᠤ ᠦᠢᠯᠡᠰ ᠤᠨ ᠰᠠᠭᠤᠷᠢ ᠮᠦᠩᠭᠦ ᠶᠢ ᠪᠠᠶᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠲᠦᠷᠦᠯ ᠵᠦᠢᠯ ᠳᠤ ᠪᠡᠯᠡ ᠮᠦᠩᠭᠦ ᠶᠢᠨ ᠳᠡᠮᠵᠢᠯᠭᠡ ᠬᠠᠩᠭᠠᠨ᠎ᠠ᠃ ᠨᠦᠬᠦᠴᠡᠯ ᠳᠤ ᠨᠡᠶᠢᠴᠡᠭᠰᠡᠨ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠤᠨ ᠬᠢᠯᠢ ᠶᠢᠨ ᠳᠤᠲᠤᠷᠠᠬᠢ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠠᠮᠪᠠᠷ᠎ᠠ᠂ ᠠᠳᠠᠯ ᠦᠢᠯᠡᠰ ᠴᠤᠭᠴᠠᠯᠠᠬᠤ ᠰᠠᠮᠪᠠᠷ᠎ᠠ ᠪᠠ ᠭᠤᠣᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ ᠰᠠᠮᠪᠠᠷ᠎ᠠ︾ ᠪᠣᠯᠣᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠵᠦ ᠪᠡᠯᠡ ᠲᠣᠬᠢᠷᠠᠭᠤᠯᠭ᠎ᠠ ᠬᠢᠬᠦ ᠶᠢ ᠠᠬᠢᠭᠤᠯᠤᠨ᠎ᠠ᠃      ︵ᠬᠤᠶᠠᠷ︶ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠴᠢᠩᠳᠠᠯᠠᠨ᠎ᠠ᠃ ᠠᠭᠤᠷᠬᠠᠢ ᠶᠢᠨ ᠠᠵᠤ ᠠᠬᠤᠶᠢᠯᠠᠯ ᠪᠣᠯ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠨ᠎ᠠ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠲᠦᠯᠦᠪᠵᠢᠭᠦᠯᠭᠡ ᠶᠤᠰᠤᠭᠠᠷ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ ᠳᠡᠰ ᠳᠡᠪᠰᠢᠵᠦ ᠰᠢᠨᠡᠳᠭᠡᠨ ᠦᠭᠡᠷᠡᠴᠢᠯᠡᠬᠦ ᠶᠢ ᠬᠡᠷᠡᠭᠵᠢᠭᠦᠯᠦᠨ᠎ᠡ᠃ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢ ᠤᠯᠤᠰ ᠤᠨ ᠲᠣᠭᠲᠠᠭᠠᠭᠰᠠᠨ ᠬᠤᠯᠪᠤᠭᠳᠠᠯ ᠪᠦᠬᠦᠢ ᠳᠡᠰ ᠳᠠᠷᠠᠭᠠᠯᠠᠯ ᠶᠤᠰᠤᠭᠠᠷ ᠦᠨᠡᠯᠡᠨ ᠵᠢᠱᠢᠵᠦ ᠲᠣᠭᠲᠠᠭᠠᠨ᠎ᠠ᠃ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠨᠢ ᠠᠵᠤ ᠠᠬᠤᠶᠢᠯᠠᠯ ᠤᠨ ᠬᠢᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠲᠤ ᠦᠪᠡᠷ ᠢ ᠪᠠᠨ ᠦᠨᠡᠯᠡᠭᠰᠡᠨ ᠮᠡᠳᠡᠭᠦᠯᠦᠯᠲᠡ ᠪᠠᠨ ᠲᠤᠰᠢᠶᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠯᠴᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠡᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠲᠣᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠦᠷᠨᠢᠭᠦᠯᠵᠦ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠶᠢᠮᠠᠭ ᠬᠤᠲᠠ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠲᠤ ᠮᠡᠳᠡᠭᠦᠯᠬᠦ ᠶᠢᠨ ᠬᠠᠮᠲᠤ ᠢᠯᠡ ᠨᠡᠶᠢᠲᠡᠯᠡᠨ᠎ᠡ᠂ ᠢᠯᠡ ᠨᠡᠶᠢᠲᠡᠯᠡᠭᠡᠳ ᠣᠨᠳᠣᠣ ᠰᠠᠨᠠᠯ ᠦᠭᠡᠢ ᠪᠣᠯ᠂ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠨᠡᠷᠡᠰ ᠲᠤ ᠵᠢᠭᠰᠠᠭᠠᠨ ᠣᠷᠤᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ︔ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠠᠶᠢᠪᠠᠯ᠂ ᠦᠨᠡᠯᠡᠨ ᠵᠢᠱᠢᠭᠰᠡᠨ ᠰᠠᠨᠠᠯ ᠳᠤ ᠵᠢᠭᠠᠨ ᠭᠠᠷᠭᠠᠭᠰᠠᠨ ᠠᠰᠠᠭᠤᠳᠠᠯ ᠤᠳ ᠢ ᠦᠨᠳᠦᠰᠦᠯᠡᠨ᠂ ᠬᠤᠯᠪᠤᠭᠳᠠᠭᠰᠠᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠪᠠᠭᠤᠯᠭᠠᠨ᠎ᠠ᠃      ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ ︶᠎ ᠤ ᠠᠷᠠᠳ ᠤᠨ ᠵᠠᠰᠠᠭ ᠤᠨ ᠣᠷᠳᠣᠨ ᠪᠣᠯ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠤᠭᠴᠠ ᠪᠣᠯᠣᠨ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠣᠳᠤᠭᠠᠲᠤ ᠶᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠬᠢᠵᠢᠯᠲᠠ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠦᠷᠨᠢᠭᠦᠯᠬᠦ ᠬᠡᠷᠡᠭᠲᠡᠢ᠃ ᠲᠦᠯᠦᠪᠵᠢᠭᠦᠯᠭᠡ ᠶᠢᠨ ᠬᠤᠭᠤᠴᠠᠭᠠᠨ ᠳᠤ ᠪᠤᠶᠤ ᠦᠨᠡᠯᠡᠨ ᠵᠢᠱᠢᠭᠡᠳ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠦ ᠬᠦᠷᠦᠭᠰᠡᠨ ᠠᠭᠤᠷᠬᠠᠢ ᠶᠢᠨ ᠠᠵᠤ ᠠᠬᠤᠶᠢᠯᠠᠯ ᠢ ᠪᠣᠯ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠬᠠᠤᠯᠢ ᠴᠠᠭᠠᠵᠠ ᠠᠴᠠ ᠵᠦᠷᠢᠴᠡᠭᠰᠡᠨ ᠪᠠᠶᠢᠪᠠᠯ ᠬᠠᠤᠯᠢ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠪᠠᠨ ᠴᠡᠭᠴᠡᠯᠡᠨ ᠰᠠᠶᠢᠵᠢᠷᠠᠭᠤᠯᠬᠤ ᠶᠢ ᠪᠤᠲᠠᠲᠠᠶᠢᠵᠢᠭᠤᠯᠤᠭᠰᠠᠨ ᠦᠭᠡᠢ ᠪᠤᠬᠢᠷᠳᠤᠯ ᠦᠭᠡᠢ ᠠᠭᠤᠷᠬᠠᠢ ᠶᠢ ᠪᠣᠯ ᠳᠡᠰ ᠳᠠᠷᠠᠭᠠᠯᠠᠯ ᠶᠤᠰᠤᠭᠠᠷ ᠪᠤᠬᠢᠷᠳᠤᠯ ᠦᠭᠡᠢ ᠠᠭᠤᠷᠬᠠᠢ ᠶᠢᠨ ᠨᠡᠷᠡᠰ ᠠᠴᠠ ᠨᠡᠷ᠎ᠡ ᠶᠢ ᠨᠢ ᠬᠠᠰᠤᠵᠤ᠂ ᠵᠣᠬᠢᠴᠠᠭᠰᠠᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠪᠣᠯᠭᠠᠨ ᠢᠯᠡᠴᠢᠯᠡᠨ᠎ᠡ᠂ ᠡᠭᠦᠨ ᠳᠤ᠂ ᠴᠡᠭᠴᠡᠯᠡᠨ ᠰᠠᠶᠢᠵᠢᠷᠠᠭᠤᠯᠬᠤ ᠶᠢ ᠪᠤᠲᠠᠲᠠᠶᠢᠵᠢᠭᠤᠯᠤᠭᠰᠠᠨ ᠦᠭᠡᠢ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠨᠢ ᠦᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠨᠡᠶᠢᠴᠡᠪᠡᠯ᠂ ᠦᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠣᠯᠭᠠᠬᠤ ᠪᠠᠷ ᠳᠡᠰ ᠢ ᠨᠢ ᠪᠠᠭᠤᠷᠠᠭᠤᠯᠵᠤ ᠪᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠬᠦ ᠪᠣᠶᠣ ᠴᠡᠭᠴᠡᠯᠡᠨ ᠰᠠᠶᠢᠵᠢᠷᠠᠭᠤᠯᠬᠤ ᠶᠢ ᠪᠣᠲᠠᠲᠠᠶᠢᠵᠢᠭᠤᠯᠬᠤ ᠳᠤ ᠬᠦᠴᠢᠷᠲᠡᠢ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠢ ᠪᠣᠯ ᠡᠯ᠎ᠡ ᠭᠠᠵᠠᠷ ᠣᠷᠣᠨ ᠨᠢ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠤᠳᠤᠭᠠᠲᠤ ᠶᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠂ ᠠᠵᠤ ᠠᠬᠤᠢ ᠪᠠ ᠮᠡᠳᠡᠭᠡ ᠵᠠᠩᠬᠢᠵᠢᠯᠲᠠ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠪᠣᠯᠣᠨ ᠠᠵᠤ ᠠᠬᠤᠢ ᠶᠢᠨ ᠠᠷᠭ᠎ᠠ ᠠᠪᠴᠠᠯ ᠢ ᠶᠡᠷᠦᠩᠬᠡᠶᠢᠯᠡᠨ ᠠᠰᠢᠭᠯᠠᠵᠤ᠂ ᠬᠠᠤᠯᠢ ᠶᠤᠰᠤᠭᠠᠷ ᠬᠠᠭᠠᠵᠤ ᠵᠣᠭᠰᠤᠭᠠᠬᠤ ᠬᠡᠷᠡᠭᠲᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠵᠢᠯ ᠪᠣᠯᠭᠠᠵᠤ᠂ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠢᠮᠪᠠᠢ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠡᠯ᠎ᠡ ᠲᠠᠯ᠎ᠠ ᠶᠢᠨ ᠬᠦᠴᠦᠨ ᠴᠢᠳᠠᠯ ᠢ ᠳᠠᠶᠢᠴᠢᠯᠠᠵᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠢᠶᠠᠷᠬᠤ ᠪᠠ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠠ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠬᠤ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠲᠤᠳᠤᠭᠠᠲᠤ ᠶᠢ ᠬᠠᠮᠠᠭᠠᠯᠠᠬᠤ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠭᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠦᠪᠦᠷ ᠮᠣᠩᠭᠤᠯ ᠤᠨ ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠢᠶᠠᠷ ᠪᠦᠷᠢᠯᠳᠦᠭᠦᠨ ᠨᠢᠭᠡᠴᠡ ᠪᠣᠯᠭᠠᠵᠤ᠂ ᠪᠦᠬᠦ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠲᠦᠯᠲᠡᠢ ᠲᠦᠯᠦᠪᠯᠡᠵᠦ ᠵᠢᠯᠤᠭᠤᠳᠬᠤ ᠶᠢ ᠬᠠᠷᠢᠭᠤᠴᠠᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠨᠢ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠲᠦᠯᠦᠪᠵᠢᠭᠦᠯᠭᠡ ᠪᠠ ᠠᠵᠢᠯ ᠤᠨ ᠲᠦᠰᠦᠯ ᠢ ᠱᠠᠯᠠᠪᠳᠠᠨ ᠲᠣᠭᠲᠠᠭᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠡᠭᠦᠷᠭᠡ᠂ ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠳᠦᠬᠦᠷᠵᠢᠭᠦᠯᠬᠦ ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠶᠢ ᠨᠠᠷᠢᠯᠢᠬᠵᠢᠭᠤᠯᠵᠤ ᠪᠤᠳᠠᠳᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠶᠢ ᠰᠠᠶᠢᠲᠤᠷ ᠠᠳᠬᠤᠬᠤ ᠬᠡᠷᠡᠭᠲᠡᠢ᠃      ︵ᠬᠤᠶᠠᠷ︶ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠢ ᠪᠣᠯᠭᠠᠨ᠎ᠠ᠃ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠠᠵᠢᠯ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ ᠶᠢ ᠴᠢᠩᠳᠠᠯᠠᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠦᠰᠥᠪ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ ᠭᠤᠷᠪᠠᠳᠡᠬᠢ ᠡᠲᠡᠭᠡᠳ ᠢᠶᠠᠷ ᠦᠨᠡᠯᠡᠨ ᠵᠢᠱᠢᠭᠦᠯᠬᠦ᠂ ᠪᠤᠬᠢᠷᠳᠤᠯ ᠦᠭᠡᠢ ᠠᠭᠤᠷᠬᠠᠢ ᠶᠢ ᠱᠠᠩᠨᠠᠨ ᠬᠦᠬᠢᠭᠦᠯᠬᠦ ᠰᠦᠢᠳᠭᠡᠯ ᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠵᠤ ᠰᠡᠷᠭᠦᠭᠡᠬᠦ ᠰᠠᠭᠤᠷᠢ ᠮᠦᠩᠭᠦ ᠶᠢᠨ ᠳᠦᠷᠢᠮ ᠪᠠ ᠪᠠᠲᠤᠯᠠᠭ᠎ᠠ ᠶᠢᠨ ᠮᠦᠩᠭᠦ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠬᠠᠮᠵᠢᠯᠴᠠᠨ ᠰᠠᠶᠢᠲᠤᠷ ᠬᠢᠨ᠎ᠡ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠨᠢ ᠪᠤᠬᠢᠷᠳᠤᠯ ᠦᠭᠡᠢ ᠠᠭᠤᠷᠬᠠᠢ ᠶᠢᠨ ᠡᠳᠦᠷ ᠲᠤᠳᠤᠮ ᠤᠨ ᠠᠵᠢᠯ᠂ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠮᠡᠷᠭᠡᠵᠢᠯ ᠤᠨ ᠪᠠᠷᠢᠮᠵᠢᠶ᠎ᠠ ᠶᠢ ᠲᠦᠷᠦᠭᠦᠯᠡᠨ ᠲᠣᠭᠲᠠᠭᠠᠵᠤ᠂ ᠪᠤᠬᠢᠷᠳᠤᠯ ᠦᠭᠡᠢ ᠠᠭᠤᠷᠬᠠᠢ ᠵᠢᠴᠢ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠳᠤ ᠬᠢᠨᠠᠯᠲᠠ ᠬᠠᠮᠢᠶᠠᠷᠤᠯᠲᠠ ᠬᠢᠬᠦ᠂ ︽ᠭᠤᠷᠪᠠᠨ ᠨᠤᠷᠮ᠎ᠠ︾᠎ ᠶᠢᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠵᠤ ᠵᠡᠷᠭᠡ ᠠᠵᠢᠯ ᠢ ᠬᠠᠷᠢᠭᠤᠴᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠦᠴᠢᠷ ᠨᠢ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ᠂ ᠠᠭᠤᠷᠬᠠᠢ ᠶᠢᠨ ︽ᠭᠤᠷᠪᠠᠨ ᠬᠠᠶᠠᠭᠳᠠᠮᠠᠯ︾᠎ ᠢ ᠵᠠᠰᠠᠬᠤ ᠪᠠ ᠪᠤᠬᠢᠷᠳᠤᠯ ᠪᠤᠳᠠᠰ ᠢ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠰᠠᠯᠠᠭ᠎ᠠ ᠮᠦᠴᠢᠷ ᠨᠢ ᠠᠵᠢᠯ ᠲᠦᠷᠦᠯ ᠤᠨ ᠲᠦᠯᠦᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠤᠨ ᠠᠷᠭ᠎ᠠ ᠶᠢ ᠵᠣᠬᠢᠶᠠᠨ ᠪᠠᠶᠢᠭᠤᠯᠵᠤ ᠰᠤᠳᠤᠯᠬᠤ ᠪᠠ ᠶᠡᠬᠡᠪᠡᠷ ᠳᠡᠯᠭᠡᠷᠡᠭᠦᠯᠦᠨ᠎ᠡ︔ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠲᠦᠯᠦᠪᠵᠢᠭᠦᠯᠭᠡ ᠶᠢ ᠲᠣᠭᠲᠠᠭᠠᠵᠤ᠂ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠨᠢ ᠠᠭᠤᠷᠬᠠᠢ ᠶᠢ ᠨᠡᠭᠡᠭᠡᠨ ᠮᠠᠯᠲᠠᠬᠤ ᠳᠤ ᠤᠰᠤ ᠠᠪᠬᠤ ᠶᠢᠨ ᠬᠠᠮᠢᠶᠠᠷᠤᠯᠲᠠ ᠪᠠ ᠬᠦᠷᠦᠰᠦ ᠰᠢᠷᠤᠢ ᠢᠳᠡᠭᠳᠡᠬᠦ ᠶᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠪᠡᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃      ︵ᠭᠤᠷᠪᠠ︶ ᠬᠠᠷᠠᠯᠲᠠ ᠶᠢᠨ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠠ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠬᠤ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠨᠢ ᠵᠢᠯ ᠤᠨ ᠰᠡᠭᠦᠯᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠤᠭᠤᠯᠵᠤ᠂ ᠵᠢᠯ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢᠨ ᠦᠨᠡᠯᠡᠨ ᠵᠢᠱᠢᠬᠦ ᠶᠢ ᠦᠷᠨᠢᠭᠦᠯᠦᠨ᠂ ᠭᠤᠣᠯ ᠪᠣᠯᠬᠤ ᠬᠠᠷᠠᠯᠲᠠ ᠶᠢᠨ ᠭᠦᠢᠴᠡᠳᠭᠡᠯ ᠲᠤᠭ᠎ᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠴᠢ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠳᠤ ᠬᠠᠷᠢᠭᠤᠴᠠᠯᠭ᠎ᠠ ᠠᠯᠳᠠᠭᠰᠠᠳ ᠢ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ᠂ ᠵᠠᠰᠠᠭ ᠤᠨ ᠣᠷᠳᠣᠨ ᠤ ᠠᠯᠪᠠᠨ ᠲᠢᠩᠭᠢᠮ ᠤᠨ ︽︿ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠲᠣᠭᠤᠷᠢᠨ ᠡᠪᠳᠡᠭᠳᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶᠎ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ﹀︾ ︵ᠦᠪᠦᠷ ᠨᠠᠮ ᠠᠯᠪᠠᠨ ᠲᠠᠷᠬᠠᠭᠠᠭᠰᠠᠨ ﹇2016﹈ 7 ᠳ᠋ᠤᠭᠠᠷ ᠲᠣᠭᠠᠲᠤ︶᠎ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠡᠵᠦ ᠬᠠᠷᠢᠭᠤᠴᠠᠯᠭ᠎ᠠ ᠬᠡᠯᠡᠯᠴᠡᠨ᠎ᠡ᠃      ︵ᠳᠥᠷᠪᠡ︶ ᠰᠣᠨᠢᠨ ᠮᠡᠳᠡᠭᠡᠨ ᠤ ᠤᠬᠠᠭᠤᠯᠭ᠎ᠠ ᠮᠡᠳᠡᠭᠡᠯᠡᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠪᠤᠬᠢᠷᠳᠤᠯ ᠦᠭᠡᠢ ᠠᠭᠤᠷᠬᠠᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠡᠪᠴᠡᠩ ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠣᠷᠰᠢᠯᠭ᠎ᠠ ᠪᠣᠯᠣᠨ ᠠᠬᠢᠴᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ᠂ ᠶᠠᠷᠢᠶ᠎ᠠ ᠬᠡᠯᠡᠯᠴᠡᠭᠡᠨ ᠢᠶᠠᠷ ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠢᠯᠠᠩᠭᠤᠶ᠎ᠠ ᠠᠭᠤᠷᠬᠠᠢ ᠶᠢᠨ ᠣᠷᠣᠨ ᠤ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠤᠷᠤᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠲᠤ ᠪᠤᠬᠢᠷᠳᠤᠯ ᠦᠭᠡᠢ ᠠᠭᠤᠷᠬᠠᠢ ᠶᠢ ᠣᠶᠢᠯᠠᠭᠠᠭᠤᠯᠵᠤ᠂ ᠪᠤᠬᠢᠷᠳᠤᠯ ᠦᠭᠡᠢ ᠠᠭᠤᠷᠬᠠᠢ ᠶᠢ ᠲᠠᠨᠢᠭᠤᠯᠤᠨ᠂ ᠪᠤᠬᠢᠷᠳᠤᠯ ᠦᠭᠡᠢ ᠠᠭᠤᠷᠬᠠᠢ ᠶᠢ ᠮᠡᠳᠡᠷᠡᠭᠦᠯᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ