ᠲᠥᠩᠯᠢᠶᠤᠤ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠠ ᠶᠢᠨ ᠲᠤᠭᠤᠷᠢᠬ 29 ᠭᠤᠤᠯᠳᠠᠯᠭ᠎ᠠ ᠲᠠᠢ ᠠᠵᠤ ᠥᠢᠯᠡᠳᠪᠥᠷᠢ ᠶᠢᠨ ᠲᠥᠷᠥᠯ ᠵᠥᠢᠯ ᠳᠤ 12 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠪᠡ
ᠨᠡᠶᠢᠲᠡᠯᠡᠭᠰᠡᠨ ᠴᠠᠭ᠄
2018/1/17
      ᠲᠥᠩᠯᠢᠶᠤᠤ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠠ ᠶᠢᠨ ᠲᠤᠭᠤᠷᠢᠬ 2017 ᠤᠨ ᠳᠤ 29 ᠭᠤᠤᠯᠳᠠᠯᠭ᠎ᠠ ᠲᠠᠢ ᠠᠵᠤ ᠥᠢᠯᠡᠳᠪᠥᠷᠢ ᠶᠢᠨ ᠲᠥᠷᠥᠯ ᠵᠥᠢᠯ ᠢ ᠬᠡᠷᠡᠭᠵᠢᠭᠦᠯᠵᠤ᠂ ᠰᠢᠨ᠎ᠡ ᠪᠠᠷ 23 ᠲᠥᠷᠥᠯ ᠵᠥᠢᠯ ᠢ ᠡᠬᠢᠯᠡᠭᠦᠯᠵᠤ᠂ 6 ᠲᠥᠷᠥᠯ ᠵᠥᠢᠯ ᠢ ᠥᠷᠬᠦᠯᠵᠢᠯᠡᠨ ᠪᠥᠲᠥᠭᠡᠨ ᠪᠠᠶᠢᠭᠤᠯᠵᠤ᠂ ᠠᠵᠤ ᠥᠢᠯᠡᠳᠪᠥᠷᠢ ᠶᠢᠨ ᠳᠤᠬᠳᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠨᠢ 12 ᠳ᠋ᠥᠩᠰᠢᠭᠤᠷ ᠲᠥᠭᠦᠷᠢᠭ ᠲᠤ ᠬᠦᠷᠴᠡᠢ᠃      ᠤᠳᠤ ᠥᠶ᠎ᠠ ᠶᠢᠨ ᠮᠤᠩᠭᠤᠯ ᠬᠢᠳᠡᠳ ᠡᠮ ᠡᠮᠨᠡᠯᠭᠡ ᠶᠢᠨ ᠠᠵᠤ ᠥᠢᠯᠡᠰ ᠤᠨ ᠬᠡᠯᠬᠢᠶᠡᠵᠢᠯ ᠤᠨ ᠬᠥᠷᠢᠶ᠎ᠡ ᠴᠠᠷᠠᠭ᠎ᠠ ᠳᠤ 4 ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠪᠡ᠃ ᠬᠤᠷᠴᠢᠨ ᠡᠮ ᠤᠨ ᠥᠢᠯᠡᠰ ᠤᠨ ᠮᠤᠩᠭᠤᠯ ᠨᠠᠭᠠᠯᠲᠠ ᠡᠮ ᠤᠨ ᠥᠢᠯᠡᠳᠪᠥᠷᠢᠯᠡᠯ ᠤᠨ ᠲᠥᠷᠥᠯ ᠵᠥᠢᠯ ᠤᠨ ᠪᠡᠯᠡ ᠤᠷᠤᠭᠤᠯᠤᠯᠲᠠ ᠨᠢ 8000 ᠲᠥᠮᠡᠨ ᠲᠥᠭᠦᠷᠢᠭ ᠲᠤ ᠬᠦᠷᠴᠤ᠂ ᠬᠢᠨᠠᠨ ᠰᠢᠯᠭᠠᠬᠤ ᠳᠠᠪᠴᠠᠩ᠂ ᠥᠢᠯᠡᠳᠪᠥᠷᠢᠯᠡᠯ ᠤᠨ ᠲᠠᠰᠤᠬ ᠢ ᠨᠢᠭᠡᠨᠲᠠ ᠪᠥᠲᠥᠭᠡᠨ ᠪᠠᠶᠢᠭᠤᠯᠵᠤ ᠳᠠᠭᠤᠰᠬᠠᠨ᠂ 2018 ᠤᠨ ᠤ 6 ᠳ᠋ᠤᠭᠠᠷ ᠰᠠᠷ᠎ᠠ ᠳᠤ ᠲᠤᠷᠰᠢᠨ ᠥᠢᠯᠡᠳᠪᠥᠷᠢᠯᠡᠬᠦ ᠪᠠᠷ ᠲᠥᠯᠥᠪᠯᠡᠵᠤ ᠪᠠᠶᠢᠬᠤ ᠪᠠ ᠲᠥᠩᠯᠢᠶᠤᠤ ᠶᠢᠨ ᠮᠤᠩᠭᠤᠯ ᠡᠮ ᠤᠨ ᠬᠤᠪᠢ ᠤᠷᠤᠭᠤᠯᠤᠬᠰᠠᠨ ᠺᠤᠮᠫᠠᠨᠢ ᠶᠢᠨ ᠮᠤᠩᠭᠤᠯ ᠡᠮ ᠤᠨ ᠥᠢᠯᠡᠳᠪᠥᠷᠢᠯᠡᠯ ᠤᠨ ᠱᠤᠭᠤᠮ ᠤᠨ ᠮᠡᠷᠭᠡᠵᠢᠯ ᠤᠨ ᠥᠭᠡᠷᠡᠴᠢᠯᠡᠯᠲᠠ ᠶᠢᠨ ᠲᠥᠷᠥᠯ ᠵᠥᠢᠯ ᠤᠨ ᠪᠡᠯᠡ ᠤᠷᠤᠭᠤᠯᠤᠯᠲᠠ ᠨᠢ 3200 ᠲᠥᠮᠡᠨ ᠲᠥᠭᠦᠷᠢᠭ ᠲᠤ ᠬᠦᠷᠴᠤ᠂ ᠲᠤᠨᠤᠬᠯᠠᠯ ᠲᠥᠬᠦᠭᠡᠷᠥᠮᠵᠢ ᠶᠢ ᠤᠳᠤ ᠶᠠᠬ ᠰᠠᠶᠢᠬᠠᠨ ᠤᠬᠰᠠᠷᠠᠵᠤ ᠪᠠᠶᠢᠨ᠎ᠠ᠃ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠰᠢᠨ᠎ᠡ ᠲᠤᠨᠤᠬᠯᠠᠯ ᠤᠨ ᠠᠵᠤ ᠥᠢᠯᠡᠰ ᠤᠨ ᠬᠡᠯᠬᠢᠵᠢᠶᠡᠯ ᠤᠨ ᠬᠥᠷᠢᠶ᠎ᠡ ᠴᠠᠷᠠᠭ᠎ᠠ ᠳᠤ 16 ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠵᠦ᠂ ᠶᠢᠨ ᠮᠧᠢ ᠨᠡᠭᠦᠷᠡᠰᠦ ᠬᠢᠮᠢ ᠶᠢᠨ ᠠᠵᠤ ᠥᠢᠯᠡᠳᠪᠥᠷᠢ ᠶᠢᠨ ᠵᠢᠯ ᠤᠨ 3000 ᠲᠤᠨ ᠡᠲ᠋ᠢᠯ ᠠᠯᠺᠤᠤᠯ ᠦᠢᠯᠡᠳᠪᠦᠷᠢᠯᠡᠬᠦ ᠵᠡᠷᠭᠡ 3 ᠲᠥᠷᠥᠯ ᠵᠥᠢᠯ ᠤᠨ ᠲᠤᠨᠤᠭᠯᠠᠯ ᠲᠥᠬᠦᠭᠡᠷᠥᠮᠵᠢ ᠶᠢ ᠨᠢᠬᠡᠨᠳᠡ ᠤᠬᠰᠠᠷᠠᠨ ᠳᠠᠭᠤᠰᠴᠤ ᠲᠤᠷᠰᠢᠨ ᠥᠢᠯᠡᠳᠪᠥᠷᠢᠯᠡᠬᠦ ᠱᠠᠳᠤᠨ ᠳᠤ ᠤᠷᠤᠵᠦ᠂ ᠵᠧᠩ ᠰᠢᠩ ᠢᠤᠢ ᠨᠥᠩ ᠤᠰᠤ ᠠᠷᠪᠢᠯᠠᠬᠤ ᠤᠰᠤᠯᠠᠯᠲᠠ ᠶᠢᠨ ᠰᠥᠯᠢᠶᠤᠤ ᠦᠢᠯᠡᠳᠬᠦᠨ ᠦᠢᠯᠡᠳᠪᠦᠷᠢᠯᠡᠬᠦ ᠵᠡᠷᠭᠡ 6 ᠲᠥᠷᠥᠯ ᠵᠥᠢᠯ ᠨᠢ ᠨᠢᠭᠡᠨᠳᠡ ᠠᠰᠢᠬᠯᠠᠯᠲᠠ ᠳᠤ ᠤᠷᠤᠵᠤ᠂ ᠨᠥᠬᠦᠭᠡ 7 ᠲᠥᠷᠥᠯ ᠵᠥᠢᠯ ᠢ 2018 ᠤᠨ ᠳᠤ ᠥᠷᠬᠦᠯᠵᠢᠯᠠᠨ ᠪᠥᠲᠥᠭᠡᠨ ᠪᠠᠶᠢᠭᠤᠯᠵᠤ ᠠᠰᠢᠬᠯᠠᠯᠲᠠ ᠳᠤ ᠤᠷᠤᠭᠤᠯᠬᠤ ᠪᠠᠷ ᠲᠥᠯᠥᠪᠯᠡᠵᠤ ᠪᠠᠶᠢᠨ᠎ᠠ᠃ ᠡᠭᠦᠨ ᠠᠴᠠ ᠭᠠᠳᠠᠨ᠎ᠠ᠂ ᠪᠤᠬᠢᠷᠳᠤᠯ ᠥᠭᠡᠢ ᠤᠷᠭᠠᠨᠢᠬ ᠠᠮᠢᠳᠤ ᠪᠤᠳᠠᠰ ᠤᠨ ᠠᠵᠤ ᠥᠢᠯᠡᠰ ᠤᠨ ᠬᠡᠯᠬᠢᠶᠡᠵᠢᠯ ᠤᠨ ᠬᠥᠷᠢᠶ᠎ᠡ ᠴᠠᠷᠠᠭ᠎ᠠ ᠳᠤ 7 ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠵᠦ᠂ ᠰᠠᠢ ᠸᠠᠢ ᠲᠢᠶᠠᠨ ᠷᠥᠨ 6 ᠲᠥᠮᠡᠨ ᠮᠢᠬᠠᠨ ᠤ ᠬᠤᠨᠢ ᠨᠢᠳᠥᠯᠬᠤ ᠵᠡᠷᠭᠡ 3 ᠲᠥᠷᠥᠯ ᠵᠥᠢᠯ ᠨᠢ ᠨᠢᠭᠡᠨᠳᠡ ᠠᠰᠢᠬᠯᠠᠯᠲᠠ ᠳᠤ ᠤᠷᠤᠵᠤ᠂ ᠨᠥᠬᠦᠭᠡ 4 ᠲᠥᠷᠥᠯ ᠵᠥᠢᠯ ᠨᠢ ᠡᠨᠡ ᠵᠢᠯ ᠪᠥᠬᠦᠨ ᠢᠶᠠᠷ ᠢᠶᠠᠨ ᠠᠰᠢᠬᠯᠠᠯᠲᠠ ᠳᠤ ᠤᠷᠤᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号