2018 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠤᠰᠤᠳ ᠤᠷᠠᠯᠢᠭ ᠤᠨ ᠲᠥᠷᠥᠯ ᠤᠨ ᠬᠠᠮᠲᠤᠷᠠᠭᠤᠯᠤᠨ ᠰᠢᠯᠭᠠᠬᠤ ᠰᠢᠯᠭᠠᠯᠲᠠ ᠡᠬᠢᠯᠡᠪᠡ
ᠨᠡᠶᠢᠲᠡᠯᠡᠭᠰᠡᠨ ᠴᠠᠭ᠄
2018/1/18
      1 ᠳ᠋ᠦ᠋ᠭᠡᠷ ᠰᠠᠷ᠎ᠠ ᠶᠢᠨ 16᠎ ᠤ ᠡᠳᠦᠷ᠂ 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠤᠰᠤᠳ ᠤᠷᠠᠯᠢᠭ ᠤᠨ ᠲᠥᠷᠥᠯ ᠤᠨ ᠬᠠᠮᠲᠤᠷᠠᠨ ᠰᠢᠯᠭᠠᠬᠤ ᠰᠢᠯᠭᠠᠯᠲᠠ ᠡᠬᠢᠯᠡᠪᠡ᠃      ᠣᠶᠢᠯᠠᠭᠠᠭᠰᠠᠨ ᠢᠶᠠᠷ᠂ ᠨᠡᠪᠲᠡᠷᠡᠭᠦᠯᠦᠭᠴᠢ ᠬᠢᠭᠡᠳ ᠬᠦᠲᠦᠯᠦᠭᠴᠢ ᠶᠢᠨ ᠤᠷᠠᠯᠢᠭ ︵ᠮᠣᠩᠭᠤᠯ ᠢᠶᠠᠷ ᠬᠢᠴᠢᠶᠡᠯᠯᠡᠬᠦ︶᠎ ᠢ ᠥᠪᠥᠷ ᠮᠣᠩᠭᠤᠯ ᠤᠨ ᠶᠡᠭᠡ ᠰᠤᠷᠭᠠᠭᠤᠯᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠥᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠰᠢᠯᠭᠠᠬᠤ ᠴᠠᠭ ᠨᠢ 1 ᠳ᠋ᠦ᠋ᠭᠡᠷ ᠰᠠᠷ᠎ᠠ ᠶᠢᠨ 16᠎ ᠤ ᠡᠳᠦᠷ — 1 ᠳ᠋ᠦ᠋ᠭᠡᠷ ᠰᠠᠷ᠎ᠠ ᠶᠢᠨ 17᠎ ᠤ ᠡᠳᠦᠷ︔ ᠠᠶ᠎ᠠ ᠵᠣᠬᠢᠶᠠᠬᠤ ᠬᠢᠭᠡᠳ ᠠᠶ᠎ᠠ ᠵᠣᠬᠢᠶᠠᠬᠤ ᠮᠡᠷᠭᠡᠵᠢᠯ ᠤᠨ ᠤᠨᠤᠯ᠂ ᠪᠥᠵᠢᠭ ᠤᠨ ᠲᠣᠭᠯᠠᠯᠲᠠ᠂ ᠪᠥᠵᠢᠭ ᠤᠨ ᠲᠣᠭᠯᠠᠯᠲᠠ ︵ᠤᠯᠤᠰ ᠤᠨ ᠪᠠᠷᠢᠮᠵᠢᠶ᠎ᠠ ᠪᠥᠵᠢᠭ︶᠂ ᠪᠥᠵᠢᠭ ᠤᠨ ᠰᠤᠳᠤᠯᠤᠯ ᠬᠢᠭᠡᠳ ᠪᠥᠵᠢᠭ ᠨᠠᠶᠢᠷᠠᠭᠤᠯᠤᠨ ᠤᠳᠤᠷᠢᠳᠤᠭᠠᠴᠢ᠂ ᠲᠣᠭᠯᠠᠯᠲᠠ ︵ᠰᠢ ᠵᠦᠴᠦᠭᠡ ᠺᠢᠨᠣ᠋ ᠲᠧᠯᠸᠢᠰ ᠲᠣᠭᠯᠠᠬᠤ︶᠂ ᠲᠣᠭᠯᠠᠯᠲᠠ ︵ᠬᠤᠶᠠᠷ ᠬᠥᠮᠦᠨ ᠤ ᠵᠢᠷᠭᠢᠶ᠎ᠡ ᠲᠣᠭᠯᠠᠯᠲᠠ︶᠂ ᠲᠣᠭᠯᠠᠯᠲᠠ ︵ᠬᠤᠪᠴᠠᠰᠤ ᠵᠠᠰᠠᠯ ᠵᠢᠷᠤᠵᠤ ᠲᠥᠯᠥᠪᠯᠡᠬᠦ ᠪᠠ ᠲᠣᠭᠯᠠᠬᠤ︶᠂ ᠨᠡᠪᠲᠡᠷᠡᠭᠦᠯᠦᠭᠴᠢ ᠪᠣᠯᠤᠨ ᠬᠦᠲᠦᠯᠦᠭᠴᠢ ᠶᠢᠨ ᠤᠷᠠᠯᠢᠭ ᠢ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠥᠭᠡᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠰᠢᠯᠭᠠᠯᠲᠠ ᠶᠢᠨ ᠴᠠᠭ ᠨᠢ 1 ᠳ᠋ᠦ᠋ᠭᠡᠷ ᠰᠠᠷ᠎ᠠ ᠶᠢᠨ 16᠎ ᠤ ᠡᠳᠦᠷ — 1 ᠳ᠋ᠦ᠋ᠭᠡᠷ ᠰᠠᠷ᠎ᠠ ᠶᠢᠨ 23᠎ ᠤ ᠡᠳᠦᠷ᠃ ᠨᠢᠭᠤᠷᠲᠠᠨ ᠰᠢᠯᠭᠠᠬᠤ ᠦᠶ᠎ᠡ ᠳᠤ ᠰᠢᠯᠭᠠᠷᠠᠭᠤᠯᠬᠤ ᠺᠣᠮᠢᠰ ᠤᠨ ᠣᠯᠠᠨ ᠭᠡᠰᠢᠭᠦᠳ ᠲᠤᠬᠠᠶ ᠶᠢᠨ ᠲᠠᠯᠠᠪᠤᠷ ᠲᠤ ᠪᠡᠶ᠎ᠡ ᠪᠠᠨ ᠳᠠᠭᠠᠭᠠᠭᠰᠠᠨ ᠬᠤᠪᠢ ᠣᠯᠭᠤᠵᠦ᠂ ᠬᠠᠮᠤᠭ ᠥᠨᠳᠥᠷ ᠬᠤᠪᠢ ᠪᠣᠯᠤᠨ ᠬᠠᠮᠤᠭ ᠳᠣᠣᠷ᠎ᠠ ᠬᠤᠪᠢ ᠶᠢ ᠬᠠᠰᠤᠭᠰᠠᠨ ᠤ ᠳᠠᠷᠠᠭ᠎ᠠ᠂ ᠲᠡᠭᠰᠢᠳᠬᠡᠯ ᠬᠤᠪᠢ ᠶᠢ ᠨᠢ ᠰᠢᠯᠭᠠᠭᠤᠯᠤᠭᠴᠢᠳ ᠤᠨ ᠨᠢᠭᠤᠷᠲᠠᠨ ᠰᠢᠯᠭᠠᠬᠤ ᠬᠢᠷᠢ ᠪᠦᠲᠦᠮᠵᠢ ᠪᠠᠷ ᠪᠣᠳᠣᠨ᠎ᠠ᠃ ᠪᠤᠰᠤᠳ ᠤᠷᠠᠯᠢᠭ ᠤᠨ ᠲᠥᠷᠥᠯ ᠤᠨ ᠬᠠᠮᠲᠤᠷᠠᠭᠤᠯᠤᠨ ᠰᠢᠯᠭᠠᠬᠤ ᠡᠯ᠎ᠡ ᠬᠢᠴᠢᠶᠡᠯ ᠲᠥᠷᠥᠯ ᠤᠨ ᠰᠣᠷᠣᠭᠴᠢ ᠶᠢᠨ ᠰᠢᠯᠭᠠᠯᠲᠠ ᠨᠢᠭᠡᠪᠦᠷᠢ ᠶᠢᠨ ᠶᠠᠪᠤᠴᠠ ᠶᠢ ᠴᠥᠮ ᠳᠦᠷᠰᠦ ᠰᠢᠩᠭᠡᠭᠡᠯᠲᠡ ᠪᠣᠯᠣᠨ ᠳᠠᠭᠤ ᠰᠢᠩᠭᠡᠭᠡᠯᠲᠡ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号