ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/1/22
     ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠬᠤᠷᠠᠯᠳᠤᠪᠠ      ᠯᠢ ᠵᠢᠢ ᠾᠸᠡᠭ ᠬᠤᠷᠠᠯ ᠢ ᠡᠷᠬᠢᠯᠡᠭᠰᠡᠨ ᠪᠦᠬᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠦ ᠪᠦ᠋ ᠰᠢᠶᠤᠤ ᠯᠢᠨ ᠰᠤᠯᠠ ᠤᠷᠤᠯᠴᠠᠵᠠᠢ      ᠬᠤᠷᠠᠯ ᠠᠴᠠ ᠵᠠᠩ ᠱᠤᠤ ᠴᠦᠨ ᠶᠠᠩ ᠸᠧᠢ ᠳ᠋ᠦᠡᠭ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠪᠠ
     20 ᠤ ᠡᠳᠦᠷ ᠤᠨ ᠦᠳᠡ ᠶᠢᠨ ᠬᠤᠶᠢᠨ᠎ᠠ᠂  ᠥᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠪᠤᠷ ᠮᠤᠩᠭᠤᠯ  ᠤᠨ ᠠᠷᠠᠳ ᠤᠨ ᠬᠤᠷᠠᠯ ᠤᠨ ᠲᠠᠩᠬᠢᠮ ᠳᠤ ᠦᠨᠳᠤᠰᠤᠨ ᠬᠠᠤᠯᠢ ᠳᠤ ᠲᠠᠩᠭᠠᠷᠢᠬᠯᠠᠬᠤ ᠶᠤᠰᠤᠯᠠᠯ ᠶᠠᠪᠤᠭᠤᠯᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠲᠠᠩᠭᠠᠷᠢᠭᠯᠠᠬᠤ ᠶᠤᠰᠤᠯᠠᠯ ᠢ ᠡᠷᠬᠢᠯᠡᠭᠰᠡᠨ ᠪᠦᠬᠡᠳ ᠲᠠᠩᠭᠠᠷᠢᠭ ᠬᠢᠬᠦ ᠶᠢ ᠬᠢᠨᠠᠪᠠ᠃ ᠵᠢᠷᠤᠭ ᠪᠤᠯ ᠰᠢᠨ᠎ᠠ ᠪᠠᠷ ᠲᠤᠰᠢᠶᠠᠯ ᠳᠤ ᠲᠤᠮᠢᠯᠠᠭᠳᠠᠭᠰᠠᠳ ᠬᠠᠤᠯᠢ ᠶᠤᠰᠤᠭᠠᠷ ᠦᠨᠳᠦᠰᠦᠨ ᠬᠠᠣᠯᠢ ᠳᠤ ᠲᠠᠩᠭᠠᠷᠢᠭᠯᠠᠵᠤ ᠪᠠᠶᠢᠭ᠎ᠠ ᠨᠢ᠃      1 ᠳ᠋ᠤᠭᠡᠷ ᠰᠠᠷ᠎ᠠ ᠶᠢᠨ 20 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠬᠤᠷᠴᠡ᠂ ᠲᠡᠳ᠋ ᠡᠷᠬᠢᠯᠡᠭᠴᠢ ᠳ᠋ᠦ᠋ ᠽᠢ᠂ ᠨᠠᠰᠤᠨᠮᠦ᠋ᠡᠭᠭᠡ᠂ ᠸᠠᠩ ᠢᠤᠢ ᠮᠢᠩ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠵᠢᠴᠢ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ᠂ ᠦᠪᠡᠷᠳᠡᠭᠡᠨ ᠵᠠᠰᠠᠬᠤ ᠤᠷᠤᠨ ᠤ ᠠᠷᠠᠳ  ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠠᠮᠢᠶ᠎ᠠ ᠪᠦᠭᠦᠢ ᠪᠢᠴᠢᠭ ᠮᠠᠲ᠋ᠧᠷᠢᠶᠡᠯ ᠢ ᠬᠢᠨᠠᠨ ᠵᠦᠪᠯᠡᠵᠤ ᠪᠠᠳᠤᠯᠠᠨ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠨᠣᠣᠷᠠᠭ︶ ᠶᠢ ᠬᠢᠨᠠᠨ ᠵᠦᠪᠯᠡᠭᠰᠡᠨ ᠪᠦᠭᠡᠳ ᠵᠠᠷᠴᠢᠮ ᠲᠡᠭᠡᠷ᠎ᠠ ᠪᠠᠨ ᠪᠠᠳᠤᠯᠠᠵᠦ᠂ ᠭᠤᠷᠪᠠᠨ ᠠᠶᠢᠮᠠᠬ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠠᠪᠤᠨ ᠵᠢᠯ ᠤᠨ ᠲᠤᠰᠢᠶᠠᠯ ᠤᠨ ᠮᠡᠳᠡᠭᠦᠯᠦᠯᠳᠡ ᠶᠢ ᠬᠢᠨᠠᠨ ᠵᠦᠪᠯᠡᠵᠦ᠂ 2017 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤ ᠶᠢᠨ ᠲᠦᠰᠦᠪ ᠳᠤ ᠲᠤᠬᠢᠷᠠᠭᠤᠯᠤᠯᠳᠠ ᠬᠢᠬᠦ ᠲᠦᠰᠦᠯ ᠢ ᠵᠦᠪᠰᠢᠶᠡᠷᠡᠪᠡ᠃      ᠬᠤᠷᠠᠯ ᠠᠴᠠ᠂ ᠵᠠᠩ ᠱᠤᠤ ᠴᠦᠨ᠂ ᠶᠠᠩ ᠸᠧᠢ ᠳ᠋ᠦᠩ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠵᠦ᠂ ᠯᠢ ᠵᠢᠢ ᠾᠸᠡᠭ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠲᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ᠃      ᠯᠢ ᠵᠢᠢ ᠾᠸᠡᠭ ᠵᠢᠭᠠᠵᠤ ᠭᠠᠷᠭᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ 5 ᠵᠢᠯ ᠤᠨ ᠲᠤᠰᠢᠶᠠᠯ ᠤᠨ ᠬᠤᠭᠤᠴᠠᠭ᠎ᠠ ᠤᠳᠠᠯ ᠦᠭᠡᠢ ᠲᠠᠭᠤᠰᠬᠤ ᠪᠤᠯᠤᠨ᠎ᠠ᠃ 5 ᠵᠢᠯ ᠤᠨ ᠲᠤᠷᠰᠢ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠪᠦᠭᠦ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠲᠠᠯ᠎ᠠ ᠶᠢᠨ ᠲᠤᠭᠤᠷᠢᠨ ᠳᠤ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠪᠭᠢᠳᠠᠢ ᠪᠠᠷ ᠵᠢᠳᠭᠦᠨ ᠴᠢᠷᠮᠠᠶᠢᠵᠣ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠴᠢᠩᠭ᠎ᠠ ᠬᠦᠴᠤᠳᠠᠢ ᠶᠡᠭᠡ ᠲᠠᠯ᠎ᠠ ᠶᠢᠨ ᠤᠬᠠᠮᠰᠠᠷ ᠢ ᠢᠯᠡᠷᠡᠭᠦᠯᠵᠦ ᠂ ︽ᠨᠢᠭᠡᠲᠦᠭᠡᠷ ᠹᠷᠤᠨᠲ︾ ᠤᠨ ᠬᠠᠶᠢᠷ᠎ᠠ ᠰᠡᠳᠭᠢᠯᠭᠡ ᠶᠢ ᠲᠤᠪᠤᠶᠢᠯᠭᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠠ ᠪᠠᠶᠢᠳᠠᠯ ᠢ ᠨᠡᠭᠡᠭᠡᠵᠦ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠠᠯᠳᠠ ᠨᠡᠭᠡᠭᠡᠯᠳᠡ ᠪᠠ ᠤᠳᠤᠭᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠳᠤ ᠪᠠᠳᠤ ᠴᠢᠩᠭ᠎ᠠ ᠬᠠᠤᠯᠢᠵᠢᠯ  ᠤᠨ ᠪᠠᠳᠤᠯᠠᠭ᠎ᠠ ᠬᠠᠨᠭ᠍ᠭᠠᠪᠠ ᠭᠡᠵᠡᠢ᠃      ᠯᠢ ᠵᠢᠢ ᠾᠸᠡᠭ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠳᠠᠯ ᠦᠭᠡᠢ ᠬᠤᠷᠠᠯᠳᠤᠬᠤ ᠪᠠᠷ ᠪᠣᠢ᠂ ᠡᠯ᠎ᠠ ᠬᠤᠯᠪᠤᠬᠳᠠᠯ ᠪᠦᠭᠦᠢ ᠲᠠᠯ᠎ᠠ ᠶᠢᠨ ᠬᠢᠨ ᠰᠡᠳᠭᠢᠯ ᠢᠶᠠᠨ ᠨᠢᠭᠡᠳᠭᠡᠵᠤ ᠬᠦᠴᠦ ᠪᠠᠨ ᠬᠠᠮᠳᠤᠳᠬᠠᠨ ᠴᠢᠷᠮᠠᠶᠢᠨ ᠠᠵᠢᠯᠯᠠᠵᠦ᠂ ᠲᠤᠰ ᠣᠳᠠᠭ᠎ᠠ ᠶᠢᠨ ᠬᠤᠷᠠᠯ ᠢ ᠦᠨᠡᠨᠬᠦ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠡᠭᠡ ᠬᠤᠷᠠᠯ ᠪᠤᠯᠭᠠᠨ ᠬᠤᠷᠠᠯᠳᠤᠭᠤᠯᠵᠦ᠂ ︽ᠦᠵᠡᠰᠭᠦᠯᠠᠩᠳᠤ ᠰᠠᠶᠢᠬᠠᠨ ᠦᠪᠤᠷ ᠮᠤᠩᠭᠤᠯ ᠢᠶᠠᠨ ᠪᠦᠲᠦᠭᠡᠨ ᠪᠠᠶᠢᠭᠤᠯᠵᠦ ᠠᠭᠤᠤ ᠶᠡᠭᠡ ᠲᠤᠮᠳᠠᠳᠤ ᠶᠢᠨ ᠵᠡᠭᠦᠳᠤ ᠪᠠᠨ ᠬᠠᠮᠳᠤᠪᠠᠷ ᠲᠡᠷᠭᠡᠯᠰᠢᠭᠦᠯᠭᠦ︾ ᠳᠡᠭᠡᠷ᠎ᠡ ᠠᠩᠬᠠᠷᠤᠯ ᠬᠦᠴᠦᠨ ᠢᠶᠠᠨ ᠲᠦᠪᠯᠡᠷᠡᠭᠦᠯᠬᠦ ᠶᠡᠭᠡ ᠬᠤᠷᠠᠯ ᠪᠤᠯᠭᠠᠨ ᠬᠤᠷᠠᠯᠳᠤᠭᠤᠯᠵᠦ᠂ ᠠᠷᠠᠳᠴᠢᠯᠠᠯ ᠲᠠᠢ᠂ ᠪᠦᠯᠭᠦᠮᠳᠠᠯ ᠲᠠᠢ᠂ ᠪᠣᠳᠠᠳᠠᠢ ᠶᠢ ᠡᠷᠭᠢᠮᠯᠡᠬᠦ᠂ ᠡᠷᠡᠯᠬᠡᠭᠯᠡᠨ ᠣᠷᠣᠭᠰᠢᠯᠠᠬᠤ ᠶᠡᠭᠡ ᠬᠤᠷᠠᠯ ᠪᠤᠯᠭᠠᠨ ᠬᠤᠷᠠᠯᠳᠤᠭᠤᠯᠬᠤ ᠬᠡᠷᠡᠭᠳᠡᠢ ᠭᠡᠪᠡ᠃      ᠬᠤᠷᠠᠯ ᠤᠨ ᠲᠠᠷᠠᠭ᠎ᠠ᠂ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠬᠠᠮᠳᠣᠪᠠᠷ ᠦᠨᠳᠦᠰᠦᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号