ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠪᠠᠯᠠᠳᠭᠡᠯ ᠬᠤᠷᠠᠯ ᠬᠢᠪᠠ
ᠨᠡᠶᠢᠲᠡᠯᠡᠭᠰᠡᠨ ᠴᠠᠭ᠄
2018/1/23
      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ 521 ᠭᠡᠰᠢᠬᠦᠨ ᠲᠠᠢ᠂ ᠡᠨᠡ ᠡᠳᠤᠷ ᠤᠨ ᠪᠠᠯᠡᠳᠭᠡᠯ ᠬᠤᠷᠠᠯ ᠳᠤ 485 ᠭᠡᠰᠢᠬᠦᠨ ᠤᠷᠤᠯᠴᠠᠵᠤ᠂ ᠬᠠᠤᠯᠢ ᠳᠤ ᠲᠤᠭᠳᠠᠭᠠᠭᠰᠠᠨ ᠬᠦᠮᠤᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎ᠠ ᠶᠢᠨ ᠤᠯᠤᠰ ᠲᠦᠷᠦ ᠶᠢᠨ ᠵᠦᠪᠯᠡᠯᠭᠡᠨ ᠤ ᠲᠠᠷᠢᠬᠦᠯᠡᠭᠴᠢ ᠷᠧᠨ ᠶᠠ ᠫᠢᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠳ᠋ ᠲᠡᠷᠢᠬᠦᠯᠡᠭᠴᠢ ᠴᠧᠨ ᠢᠤᠢ᠂ ᠹᠦ᠋ ᠲᠠᠢ ᠽᠸᠡᠭ᠂ ᠸᠠᠩ ᠵᠦᠡᠭ ᠾᠧ᠂ ᠳ᠋ᠦᠡᠭ ᠾᠸᠡᠭ ᠢᠤᠢ᠂ ᠵᠸᠡᠭ ᠹᠦ᠋ ᠲᠢᠶᠠᠨ᠂ ᠨᠢᠤ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠸᠡᠭ᠂ ᠸᠠᠩ ᠬᠤᠸᠠᠨ ᠴᠸᠡᠭ᠂ ᠯᠦᠸᠧ ᡁᠢ ᠬᠤ᠋ ᠵᠢᠴᠢ ᠨᠠᠷᠢᠨ ᠪᠢᠴᠢᠭ ᠤᠨ ᠲᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠭᠰᠠᠨ ᠪᠦᠭᠡᠳ ᠲᠠᠷᠢᠬᠦᠯᠡᠭᠴᠢ ᠶᠢᠨ ᠲᠠᠶᠢᠰᠠᠨ ᠳᠤ ᠰᠠᠭᠠᠳᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠦᠪᠯᠡᠬᠦ ᠵᠦᠢᠯ ᠪᠤᠯᠤᠨ ᠡᠳᠤᠷ ᠤᠨ ᠲᠠᠷᠠᠭᠠᠯᠠᠯ᠂ ᠲᠠᠷᠢᠬᠦᠯᠡᠭᠴᠢᠳ ᠤᠨ ᠪᠦᠯᠬᠦᠮ ᠪᠤᠯᠤᠨ ᠨᠠᠷᠢᠨ ᠪᠢᠴᠢᠭ ᠤᠨ ᠲᠠᠷᠤᠭ᠎ᠠ ᠶᠢᠨ ᠨᠠᠷᠠᠰ᠂ ᠲᠡᠷᠢᠬᠦᠯᠡᠭᠴᠢᠳ ᠤᠨ ᠪᠦᠯᠬᠦᠮ ᠤᠨ ᠬᠤᠷᠠᠯ ᠡᠷᠬᠢᠯᠡᠭᠴᠢ ᠶᠢᠨ ᠨᠠᠷᠠᠰ᠂ ᠰᠠᠨᠠᠯ ᠲᠤᠷᠠᠳᠤᠯᠭ᠎ᠠ ᠶᠢ ᠬᠢᠨᠡᠨ ᠪᠠᠶᠢᠴᠠᠭᠠᠬᠤ ᠵᠦᠪᠯᠡᠯ ᠤᠨ ᠪᠦᠷᠢᠯᠳᠤᠬᠦᠨ ᠤ ᠨᠡᠷᠡᠰ ᠢ ᠬᠢᠨᠡᠨ ᠵᠦᠪᠯᠡᠵᠤ ᠪᠠᠳᠤᠯᠠᠵᠠᠢ᠃      ᠷᠧᠨ ᠶᠠ ᠫᠢᠡᠭ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠪᠤᠯ ᠦᠪᠡᠷᠳᠡᠭᠡᠨ ᠵᠠᠰᠠᠬᠤ ᠤᠷᠤᠨ ᠤ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠪᠦᠬᠦᠢ ᠰᠢᠨ᠎ᠠ ᠪᠠᠶᠢᠳᠠᠯ ᠲᠤᠤᠷ᠎ᠠ ᠬᠤᠷᠠᠯᠳᠤᠭᠤᠯᠤᠭᠰᠠᠨ ᠴᠢᠬᠤᠯᠠ ᠶᠡᠭᠡ ᠬᠤᠷᠠᠯ ᠪᠤᠯᠬᠤ ᠪᠦᠭᠡᠳ ᠪᠦᠬᠦ ᠤᠷᠤᠨ ᠤ ᠦᠨᠳᠤᠰᠤᠳᠠᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠲᠤᠮᠳᠠᠬᠢ ᠨᠢᠭᠡᠨ ᠲᠤᠮᠤ ᠶᠠᠪᠤᠳᠠᠯ ᠪᠤᠯᠤᠨ᠎ᠠ᠃ ᠲᠤᠰ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠠᠬᠦᠯᠬᠦ ᠰᠢᠢᠳᠪᠤᠷᠢᠳᠤ ᠢᠯᠠᠯᠳᠠ ᠶᠢ ᠲᠠᠮᠠᠴᠡᠨ ᠤᠯᠵᠤ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ︾᠎ ᠳᠤ ᠴᠢᠬᠤᠯᠡ ᠶᠡᠭᠡ ᠮᠦᠷᠳᠡᠭᠡᠨ ᠠᠯᠤᠰ ᠭᠡᠳᠤ ᠶᠢᠨ ᠠᠴᠢ ᠬᠤᠯᠪᠤᠭᠳᠠᠯ ᠲᠠᠢ ᠶᠤᠮ ᠭᠡᠵᠤ ᠵᠢᠭᠠᠵᠤ ᠭᠠᠷᠭᠠᠪᠠ᠃      ᠷᠧᠨ ᠶᠠ ᠫᠢᠡᠭ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠭᠤᠤᠯ ᠠᠭᠤᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠤ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠦᠷᠪᠡᠳᠤᠭᠡᠷ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶ᠎ᠠ ᠶᠢᠨ ᠲᠠᠪᠤᠨ ᠵᠢᠯ ᠤᠨ ᠲᠤᠷᠰᠢᠬᠢ ᠠᠵᠢᠯ ᠢ ᠬᠢᠨᠠᠮᠠᠭᠠᠢ ᠳ᠋ᠦᠡᠭᠨᠡᠵᠤ᠂ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠨᠢᠭᠡᠳᠤᠯᠳᠠᠢ ᠲᠦᠯᠦᠪᠵᠢᠬᠦᠯᠤᠨ ᠤᠬᠠᠭᠠᠯᠠᠨ᠎ᠠ︔ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠰᠤᠯᠠ ᠤᠷᠤᠯᠴᠠᠵᠤ᠂ ᠪᠦᠬᠦ ᠤᠷᠤᠨ ᠤ ᠠᠵᠤ ᠠᠬᠤᠢ ᠶᠢᠨ ᠪᠦᠳᠤᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠲᠤᠮᠳᠠᠬᠢ ᠴᠢᠬᠤᠯᠠ ᠶᠡᠭᠡ ᠠᠰᠠᠭᠤᠳᠠᠯ ᠢ ᠵᠦᠪᠯᠡᠨ ᠶᠠᠷᠢᠯᠴᠠᠨ᠎ᠠ︔ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠷᠢᠬᠦᠯᠡᠭᠴᠢ᠂ ᠲᠠᠳ᠋ ᠲᠡᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ᠂ ᠪᠠᠶᠢᠡᠭᠭᠤ ᠶᠢᠨ ᠭᠡᠰᠢᠬᠦᠳ ᠢ ᠰᠤᠩᠭᠤᠨ ᠭᠠᠷᠭᠠᠬᠤ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠪᠤᠯᠤᠨ ᠨᠡᠶᠢᠭᠡᠮ ᠤᠨ ᠡᠯ᠎ᠠ ᠡᠳᠡᠭᠡᠳ ᠤᠨ ᠬᠦᠴᠤᠳᠠᠢ ᠲᠠᠮᠵᠢᠯᠭᠡ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠡᠯ᠎ᠠ ᠵᠦᠢᠯ ᠤᠨ ᠪᠡᠯᠡᠳᠭᠡᠯ ᠠᠵᠢᠯ ᠤᠷᠤᠭᠰᠢᠳᠠᠢ ᠶᠠᠪᠤᠭᠳᠠᠵᠤ᠂ ᠦᠨᠳᠤᠰᠤᠨ ᠳᠡᠭᠡᠨ ᠪᠡᠯᠡᠭᠡᠨ ᠪᠤᠯᠵᠤ᠂ 1 ᠳ᠋ᠤᠭᠡᠷ ᠰᠠᠷ᠎ᠠ ᠶᠢᠨ 23᠎ ᠤ ᠡᠳᠤᠷ ᠵᠢᠩᠬᠢᠨᠢ ᠪᠠᠷ ᠡᠬᠢᠯᠡᠬᠦ ᠪᠤᠯᠤᠨ᠎ᠠ ᠭᠡᠵᠤ ᠵᠢᠭᠠᠵᠤ ᠭᠠᠷᠭᠠᠵᠠᠢ᠃      ᠪᠠᠯᠡᠳᠭᠡᠯ ᠬᠤᠷᠠᠯ ᠤᠨ ᠲᠠᠷᠠᠭ᠎ᠠ᠂ ᠬᠤᠷᠠᠯ ᠳᠤ ᠤᠷᠤᠯᠴᠠᠭᠰᠠᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠰᠡᠷᠡᠮᠵᠢ ᠶᠢᠨ ᠬᠦᠮᠦᠵᠢᠯ ᠤᠨ ᠹᠢᠯᠢᠮ ︽ᠲᠤᠯᠢᠳᠠᠯ ᠰᠤᠷᠭᠠᠮᠵᠢ︾᠂ ︽ᠰᠡᠷᠡᠮᠵᠢ ᠶᠢᠨ ᠬᠤᠨᠭ᠍ᠬ᠎ᠠ︾᠎ ᠶᠢ ᠦᠵᠡᠵᠡᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号