ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ 1 ᠳ᠋ᠤᠭᠡᠷ ᠰᠠᠷ᠎ᠠ ᠶᠢᠨ 24᠎ ᠤ ᠡᠳᠦᠷ ᠡᠬᠢᠯᠡᠨ᠎ᠠ
ᠨᠡᠶᠢᠲᠡᠯᠡᠭᠰᠡᠨ ᠴᠠᠭ᠄
2018/1/23
     1 ᠳ᠋ᠤᠭᠡᠷ ᠰᠠᠷ᠎ᠠ ᠶᠢᠨ 22᠎ ᠤᠨ ᠡᠳᠦᠷ ᠶᠠᠪᠤᠬᠳᠠᠬᠰᠠᠨ ᠦᠪᠡᠷᠳᠡᠭᠡᠨ ᠵᠠᠰᠠᠬᠤ ᠣᠷᠣᠨ ᠤ ᠠᠷᠠᠳ  ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 1 ᠳ᠋ᠤᠭᠡᠷ ᠰᠠᠷ᠎ᠠ ᠶᠢᠨ 24᠎ ᠠᠴᠠ 31᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠬᠤ ᠪᠤᠯᠤᠨ᠎ᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠤᠯ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠎ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠬᠤᠷᠠᠯ ᠪᠣᠯᠣᠨ᠎ᠠ᠃ ᠶᠡᠭᠡ ᠬᠤᠷᠠᠯ ᠠᠴᠠ ᠦᠡᠭᠭᠡᠷᠡᠭᠰᠡᠨ ᠲᠠᠪᠤᠨ ᠵᠢᠯ ᠤᠨ ᠠᠵᠢᠯ ᠢ ᠳ᠋ᠦᠩᠨᠡᠵᠦ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠵᠡᠷᠭᠡ ᠵᠢᠷᠭᠤᠭᠠᠨ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠵᠦ ᠪᠠᠳᠤᠯᠠᠬᠤ ᠪᠦᠭᠡᠳ ᠬᠠᠮᠢᠶ᠎ᠠ ᠪᠦᠭᠦᠢ ᠰᠢᠢᠳᠪᠤᠷᠢ ᠭᠠᠷᠭᠠᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠎ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠲᠡᠮᠡᠴᠡᠬᠦ ᠬᠠᠷᠠᠯᠳᠠ ᠪᠠ ᠭᠤᠤᠯ ᠡᠭᠦᠷᠭᠡ ᠶᠢ ᠪᠠᠶᠢᠷᠢᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠠᠩᠬᠠᠳᠤᠭᠠᠷ ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠮᠠᠨ ᠤ ᠣᠷᠣᠨ ᠤ ᠲᠦᠯᠦᠭᠡᠯᠡᠭᠴᠢᠳ ᠢ ᠰᠤᠩᠭᠤᠨ ᠭᠠᠷᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号