ᠨᠢᠳᠤᠨᠤᠨ ᠥᠪᠥᠷ ᠮᠣᠩᠭᠤᠯ ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ ᠨᠡᠶᠢᠲᠡ18.7 | ᠳ᠋ᠦᠡᠭᠰᠢᠭᠤᠷ ᠲᠥᠭᠦᠷᠢᠭ ᠲᠠᠷᠬᠠᠭᠠᠵᠤ᠂ 3.7 ᠲᠦᠮᠡᠨ ᠬᠥᠮᠦᠨ ᠤ ᠠᠮᠵᠢᠯᠲᠠ ᠲᠠᠢ ᠪᠠᠷ ᠠᠳᠠᠯ ᠦᠢᠯᠡᠰ | ᠴᠤᠭᠴᠠᠯᠠᠬᠤ ᠶᠢ ᠲᠡᠳᠬᠦᠨ ᠳᠡᠮᠵᠢᠵᠤ᠂ ᠠᠳᠠᠯ ᠦᠢᠯᠡᠰ ᠴᠤᠭᠴᠠᠯᠠᠭᠤᠯᠬᠤ ᠪᠠᠷ 12.2 ᠲᠦᠮᠡᠨ ᠬᠦᠮᠦᠨ ᠳᠤ | ᠳᠡᠮᠵᠢᠨ ᠠᠵᠢᠯ ᠤᠯᠭᠤᠪᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠠᠳᠠᠯ ᠦᠢᠯᠡᠰ ᠴᠣᠭᠴᠠᠯᠠᠬᠤ ᠲᠦᠷᠦ ᠶᠢᠨ ᠪᠤᠳᠤᠯᠭ᠎ᠠ ᠶᠢᠨ | ᠬᠠᠮᠤᠭ ᠤᠨ ᠶᠡᠭᠡ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠠᠳᠠᠯ ᠦᠶᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠤᠯᠭᠤᠬᠤ᠂ ᠠᠳᠠᠯ ᠦᠶᠯᠡᠰ ᠴᠣᠭᠴᠠᠯᠠᠬᠤ ᠲᠥᠷᠥᠯ ᠵᠦᠶᠯ ᠪᠤᠶᠢᠵᠢᠭᠤᠯᠬᠤ᠂ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠦᠷᠨᠢᠬᠦᠯᠬᠦ᠂ ᠠᠳᠠᠯ ᠦᠢᠯᠡᠰ ᠴᠣᠭᠴᠠᠯᠠᠬᠤ ᠨᠡᠪᠴᠢᠬᠦᠯᠦᠬᠦᠷ ᠤᠨ | ᠲᠠᠪᠴᠠᠩ ᠪᠠᠶᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ | ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠠᠵᠢᠯ ᠤᠯᠬᠤ ᠳᠤ | ᠬᠦᠴᠢᠷᠳᠡᠯᠲᠠᠢ ᠬᠥᠮᠦᠰ᠂ ᠴᠡᠷᠢᠭ ᠠᠴᠠ ᠬᠠᠯᠠᠭᠳᠠᠭᠰᠠᠳ ᠰᠢᠯᠵᠢᠭᠰᠡᠳ᠂ ᠡᠷᠡᠭᠦᠦ ᠶᠢᠨ ᠬᠤᠭᠤᠴᠠᠭ᠎ᠠ ᠨᠢ | ᠳᠦᠭᠦᠷᠴᠦ ᠬᠥᠮᠦᠵᠢᠭᠦᠯᠬᠦ ᠠᠴᠠ ᠰᠤᠯᠠᠯᠠᠭᠳᠠᠭᠰᠠᠳ᠂ ᠮᠠᠯᠴᠢᠨ ᠲᠠᠷᠢᠶᠠᠴᠢᠨ ᠵᠡᠷᠭᠡ ᠬᠤᠲᠠ ᠬᠥᠳᠡᠭᠡ ᠶᠢᠨ | ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠨᠢ ᠳᠡᠮᠵᠢᠭᠰᠡᠨ ᠤ ᠬᠠᠮᠲᠤ 2 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ | ᠬᠦᠷᠲᠡᠭᠡᠵᠠᠢ᠃ | ᠥᠪᠥᠷ ᠮᠣᠩᠭᠤᠯ ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠶᠠᠪᠤᠴᠠ ᠶᠢ | ᠰᠢᠯᠢᠳᠡᠭᠵᠢᠭᠦᠯᠵᠦ᠂ ᠰᠥᠷᠬᠦ ᠳᠠᠭᠠᠭᠠᠯᠲᠠ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠰᠥᠷᠬᠦ ᠳᠠᠭᠠᠭᠠᠯᠲᠠ ᠶᠢᠨ | ᠬᠡᠪᠴᠢᠶ᠎ᠡ ᠶᠢ ᠥᠷᠭᠡᠳᠬᠡᠵᠦ᠂ ᠠᠳᠠᠯ ᠦᠶᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠲᠠᠷᠬᠠᠭᠠᠬᠤ ᠦᠷ᠎ᠡ | ᠪᠦᠲᠦᠮᠵᠢ ᠪᠤᠯᠤᠨ ᠦᠷ᠎ᠡ ᠠᠰᠢᠭ ᠢ ᠳᠡᠭᠡᠭᠰᠢᠯᠡᠬᠦᠯᠪᠡ᠃ | ᠥᠪᠥᠷ ᠮᠣᠩᠭᠤᠯ ᠤᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ᠵᠣᠬᠢᠬᠤ ᠬᠡᠪᠴᠢᠶ᠎ᠡ ᠲᠠᠢ ᠠᠳᠠᠯ ᠦᠶᠯᠡᠰ | ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠡᠯᠡ ᠤᠷᠤᠭᠤᠯᠤᠨ ᠪᠦᠳᠦᠭᠡᠨ | ᠪᠠᠶᠢᠭᠤᠯᠤᠭᠰᠠᠨ ᠤ ᠬᠠᠮᠲᠤ ᠲᠡᠳᠡᠭᠡᠷ ᠤᠨ ᠳᠣᠲᠣᠷᠠᠬᠢ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠳᠤ | ᠪᠣᠯᠪᠠᠰᠤᠷᠠᠭᠤᠯᠤᠯ ᠪᠣᠯᠤᠨ ᠵᠢᠯᠤᠭᠤᠳᠤᠯᠭ᠎ᠠ ᠶᠢᠨ ᠦᠢᠯᠡᠴᠢᠯᠡᠭᠡ ᠬᠠᠩᠭᠠᠵᠤ᠂ ᠠᠳᠠᠯ ᠦᠢᠯᠡᠰ ᠴᠤᠭᠴᠠᠯᠠᠬᠤ | ᠪᠣᠯᠪᠠᠰᠤᠷᠠᠭᠤᠯᠤᠯ ᠢ ᠪᠠᠭ᠎ᠠ ᠲᠣᠭᠠᠨ ᠤ ᠳᠠᠭᠠᠭᠠᠯᠲᠠ ᠶᠢᠨ ᠵᠢᠭᠡᠯᠡᠯᠭᠡ᠂ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ | ᠲᠡᠳᠭᠦᠨ ᠳᠡᠮᠵᠢᠬᠦ ᠲᠥᠷᠥ ᠶᠢᠨ ᠪᠤᠳᠤᠯᠭ᠎ᠠ ᠵᠢᠴᠢ ᠠᠳᠠᠯ ᠦᠢᠯᠡᠰ ᠴᠣᠭᠴᠠᠯᠠᠬᠤ ᠯᠠᠪᠯᠠᠯᠭ᠎ᠠ᠂ ᠠᠳᠠᠯ ᠦᠢᠯᠡᠰ | ᠴᠤᠭᠴᠠᠯᠠᠬᠤ ᠨᠡᠪᠴᠢᠬᠦᠯᠦᠬᠦᠷ ᠵᠡᠷᠭᠡ ᠦᠢᠯᠡᠴᠢᠯᠡᠭᠡᠨ ᠤ ᠠᠷᠭ᠎ᠠ ᠬᠡᠯᠪᠡᠷᠢ ᠯᠦᠭᠡ ᠵᠤᠯᠭᠠᠭᠤᠯᠬᠤ ᠶᠢ ᠴᠢᠩᠭᠠᠷᠠᠭᠤᠯᠵᠤ᠂ | ᠠᠳᠠᠯ ᠦᠢᠯᠡᠰ ᠴᠣᠭᠴᠠᠯᠠᠬᠤ ᠪᠦᠲᠦᠮᠵᠢ ᠶᠢᠨ ᠨᠤᠷᠮ᠎ᠠ ᠶᠢ ᠳᠡᠭᠡᠭᠰᠢᠯᠡᠬᠦᠯᠪᠡ᠃ | ᠤᠳᠤᠬᠠᠨ ᠳᠤ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠭᠴᠠ | ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ ᠬᠡᠮᠵᠢᠶ᠎ᠡ ᠨᠢ 50 ᠲᠦᠮᠡᠨ ᠲᠥᠭᠦᠷᠢᠭ ᠲᠤ ᠬᠦᠷᠴᠦ᠂ ᠪᠤᠰᠤᠳ | ᠬᠥᠮᠦᠰ ᠤᠨ ᠭᠠᠭᠴᠠ ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ ᠬᠡᠮᠵᠢᠶ᠎ᠡ ᠶᠢ 10 ᠲᠦᠮᠡᠨ ᠲᠥᠭᠦᠷᠢᠭ | ᠪᠤᠯᠭᠠᠨ ᠨᠢᠭᠡᠳᠦᠯᠲᠠᠢ ᠲᠤᠬᠢᠷᠠᠭᠤᠯᠤᠭᠠᠳ᠂ ᠤᠯᠠᠨ ᠬᠥᠮᠦᠨ ᠳᠤ ᠠᠵᠢᠯ ᠤᠯᠭᠤᠭᠰᠠᠨ ᠠᠳᠠᠯ ᠦᠶᠯᠡᠰ ᠴᠣᠭᠴᠠᠯᠠᠬᠤ | ᠲᠥᠷᠥᠯ ᠵᠦᠶᠯ ᠪᠤᠯᠤᠨ ᠵᠢᠭᠡᠯᠡᠯᠭᠡ ᠶᠢᠨ ᠳᠠᠭᠠᠭᠠᠯᠲᠠᠲᠤ ᠰᠠᠭᠤᠷᠢ ᠮᠥᠩᠭᠦ᠂ ᠬᠦᠦ ᠮᠥᠩᠭᠦ ᠨᠢ ᠬᠠᠩᠭᠠᠮᠵᠢᠲᠠᠶ ᠭᠠᠵᠠᠷ | ᠣᠷᠣᠨ ᠳᠤ ᠭᠠᠭᠴᠠ ᠤᠳᠠᠭᠠᠨ ᠤ ᠵᠢᠭᠡᠯᠡᠯᠭᠡ ᠶᠢᠨ ᠬᠠᠮᠤᠭ ᠤᠨ ᠥᠨᠳᠥᠷ ᠬᠡᠮᠵᠢᠶ᠎ᠡ ᠶᠢ 30 ᠲᠦᠮᠡᠨ ᠲᠥᠭᠦᠷᠢᠭ | ᠪᠤᠯᠭᠠᠨ ᠳᠡᠭᠡᠭᠰᠢᠯᠡᠬᠦᠯᠵᠠᠢ᠃ |