ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/1/25
     1 ᠳ᠋ᠦ᠋ᠭᠡᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠡᠯ᠎ᠡ ᠠᠶᠢᠮᠠᠭ ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠲᠣᠪᠴᠢᠶ᠎ᠠ᠂ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠬᠠᠷᠢᠭᠤᠴᠠᠯᠭᠠᠲᠠᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠬᠡᠪᠯᠡᠯ ᠤᠨ ᠪᠦᠯᠦᠭᠯᠡᠯ᠂ ᠰᠢᠨᠬᠤᠸᠠ ᠲᠠᠷᠬᠠᠭᠠᠬᠤ ᠪᠦᠯᠦᠭᠯᠡᠯ᠂ ᠺᠢᠨᠣ᠋ ᠶᠢᠨ ᠪᠦᠯᠦᠭᠯᠡᠯ᠂ ᠷᠠᠳᠢᠣ᠋ ᠨᠡᠪᠲᠡᠷᠡᠭᠦᠯᠭᠡ ᠺᠢᠨᠤ᠋ ᠲᠧᠯᠸᠢᠰ ᠤᠨ ᠲᠣᠣᠷ ᠰᠦᠯᠵᠢᠶ᠎ᠡ ᠪᠦᠯᠦᠭᠯᠡᠯ ᠵᠢᠴᠢ ᠬᠤᠯᠪᠣᠭᠳᠠᠯ ᠪᠦᠬᠦᠢ ᠠᠵᠢᠯ ᠲᠦᠷᠦᠯ ᠤᠨ ᠨᠢᠭᠡᠴᠡ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠶᠢᠨ ᠡᠯ᠎ᠡ ᠭᠠᠵᠠᠷ ᠬᠡᠷ᠂ ᠡᠯ᠎ᠡ ᠨᠢᠭᠡᠴᠡ ᠶᠢᠨ ᠬᠠᠷᠢᠭᠤᠴᠠᠯᠭᠠᠲᠠᠨ ᠨᠡᠶᠢᠲᠡ 119 ᠬᠥᠮᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠱᠠᠭᠠᠷᠳᠠᠭᠰᠠᠨ ᠨᠢ᠂ 2018 ᠣᠨ ᠳᠤ᠂ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠤ᠋ ᠲᠧᠯᠸᠢᠰ ᠤᠨ ᠰᠢᠰᠲ᠋ᠧᠮ ᠤᠨ ᠬᠢᠨ ᠲᠠᠪᠤᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠳᠤᠪᠤᠶᠢᠮ᠎ᠠ ᠰᠠᠶᠢᠲᠤᠷ ᠠᠳᠬᠤᠵᠤ᠂ ᠭᠤᠷᠪᠠᠨ ᠳᠤᠲᠠᠭᠤᠳᠠᠯ ᠢ ᠨᠦᠬᠦᠨ ᠪᠦᠷᠢᠯᠳᠦᠭᠦᠯᠵᠦ᠂ ᠭᠤᠷᠪᠠᠨ ᠪᠠᠭᠤᠷᠠᠶ ᠵᠦᠢᠯ ᠢᠶᠠᠨ ᠴᠢᠩᠭᠠᠳᠬᠠᠬᠤ ᠬᠡᠷᠡᠭᠲᠡᠢ᠃ ᠲᠤᠬᠠᠶᠢᠯᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠤᠳᠤᠷᠢᠳᠬᠤ ᠡᠷᠬᠡ ᠭᠤᠣᠯᠯᠠᠬᠤ ᠡᠷᠬᠡ ᠬᠡᠯᠡ ᠶᠠᠷᠢᠶᠠᠨ ᠤ ᠡᠷᠬᠡ ᠶᠢ ᠪᠠᠲᠤ ᠡᠵᠡᠮᠰᠢᠵᠦ᠂ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠲᠥᠷᠥᠯ ᠤᠨ ᠬᠠᠮᠢᠶᠠᠷᠤᠯᠲᠠ ᠡᠵᠡᠮᠳᠡᠯ ᠤᠨ ᠬᠦᠴᠦ ᠪᠠᠨ ᠴᠢᠩᠭᠠᠳᠬᠠᠬᠤ ᠬᠡᠷᠡᠭᠲᠡᠢ᠃ ᠲᠡᠩᠴᠡᠭᠦᠷᠢ ᠦᠭᠡᠢ ᠭᠦᠢᠴᠡᠳ ᠪᠤᠰᠤ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ᠂ ᠭᠤᠷᠪᠠᠨ ᠲᠠᠯ᠎ᠠ ᠶᠢᠨ ᠳᠤᠲᠠᠭᠤᠳᠠᠯ ᠢ ᠬᠦᠴᠦᠯᠡᠨ ᠨᠦᠬᠦᠬᠦ ᠬᠡᠷᠡᠭᠲᠡᠢ᠂ ᠲᠤᠬᠠᠶᠢᠯᠠᠪᠠᠯ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ᠂ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ᠂ ᠰᠣᠳᠣᠨ ᠪᠦᠲᠦᠭᠡᠯ ᠵᠣᠬᠢᠶᠠᠨ ᠪᠦᠲᠦᠭᠡᠬᠦ ᠳᠤᠲᠠᠭᠤᠳᠠᠯ ᠢ ᠨᠦᠬᠦᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠭᠤᠷᠪᠠᠨ ᠪᠠᠭᠤᠷᠠᠶ ᠵᠦᠢᠯ ᠢ ᠴᠢᠩᠭᠠᠷᠠᠭᠤᠯᠬᠤ ᠳᠡᠭᠡᠷ᠎ᠡ ᠰᠢᠪᠲᠤᠯᠤᠯᠲᠠ ᠭᠠᠷᠭᠠᠬᠤ ᠬᠡᠷᠡᠭᠲᠡᠢ᠂ ᠲᠤᠬᠠᠶᠢᠯᠠᠪᠠᠯ ᠰᠢᠨ᠎ᠡ ᠶᠢ ᠡᠭᠦᠳᠦᠨ ᠬᠦᠭᠵᠢᠭᠦᠯᠬᠦ ᠶᠢ ᠠᠬᠢᠭᠤᠯᠵᠤ᠂ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠲᠣᠣᠷ ᠰᠦᠯᠵᠢᠶ᠎ᠡ ᠶᠢ ᠬᠠᠮᠢᠶᠠᠷᠴᠤ ᠵᠠᠰᠠᠬᠤ ᠶᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠵᠤ᠂ ᠠᠵᠢᠯ ᠦᠢᠯᠡᠰ ᠤᠨ ᠬᠦᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠨᠠᠮ ᠢ ᠬᠠᠮᠢᠶᠠᠷᠬᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠤᠲᠠᠲᠠᠶᠢᠵᠢᠭᠤᠯᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠲᠥᠪ ᠴᠢᠬᠡᠴᠢ᠂ ᠵᠤᠷᠢᠭᠲᠠᠢ ᠪᠠᠷ ᠡᠭᠦᠷᠭᠡᠯᠡᠵᠦ ᠴᠢᠳᠠᠬᠤ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号