| | 1 ᠳ᠋ᠦ᠋ᠭᠡᠷ ᠰᠠᠷ᠎ᠠ ᠶᠢᠨ 25 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠠᠵᠤ ᠠᠬᠤᠢ ᠶᠢᠨ ᠡᠳᠡᠭᠡᠳ ᠪᠠ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠬᠡᠰᠢᠭᠦᠳ ᠤᠨ ᠳᠤᠭᠤᠶᠢᠯᠠᠩ ᠬᠠᠮᠳᠤᠷᠠᠭᠰᠠᠨ ᠶᠠᠷᠢᠯᠴᠠᠬᠤ ᠬᠤᠷᠠᠯ ᠳᠤ | ᠤᠷᠤᠯᠴᠠᠪᠡ᠃ | | | 1 ᠳ᠋ᠦ᠋ᠭᠡᠷ ᠰᠠᠷ᠎ᠠ ᠶᠢᠨ 25 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠠᠵᠤ ᠠᠬᠤᠢ ᠶᠢᠨ ᠡᠳᠡᠭᠡᠳ ᠪᠠ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠬᠡᠰᠢᠭᠦᠳ ᠤᠨ ᠳᠤᠭᠤᠶᠢᠯᠠᠩ ᠬᠠᠮᠳᠤᠷᠠᠭᠰᠠᠨ ᠶᠠᠷᠢᠯᠴᠠᠬᠤ ᠬᠤᠷᠠᠯ ᠳᠤ | ᠤᠷᠤᠯᠴᠠᠪᠡ᠃ ᠲᠡᠷᠡ᠂ ᠦᠷᠭᠡᠨ ᠤᠯᠠᠨ ᠠᠵᠤ ᠠᠬᠤᠢ ᠶᠢᠨ ᠡᠳᠡᠭᠡᠳ ᠤᠨ ᠬᠦᠮᠦᠰ ᠬᠦᠭᠵᠢᠯᠳᠡ ᠶᠢᠨ ᠶᠡᠭᠡ | ᠬᠠᠨᠳᠤᠰᠢ ᠶᠢ ᠡᠵᠡᠮᠳᠡᠵᠤ᠂ ᠬᠦᠭᠵᠢᠯᠳᠡ ᠶᠢᠨ ᠠᠵᠠ ᠲᠤᠬᠢᠶᠠᠯ ᠢ ᠠᠮᠵᠢᠨ᠂ ᠬᠦᠭᠵᠢᠯᠳᠡ ᠶᠢᠨ ᠢᠳᠡᠭᠡᠯ ᠵᠤᠷᠢᠭ ᠢᠶᠠᠨ | ᠬᠦᠭᠵᠢᠭᠡᠵᠤ᠂ ᠪᠦᠭᠦᠳᠡᠭᠡᠷ ᠢᠶᠠᠨ ᠪᠦᠯᠬᠦᠮᠳᠡᠨ ᠨᠢᠭᠳᠠᠷᠠᠵᠣ ᠴᠦᠭᠦᠷᠡᠯ ᠦᠭᠡᠢ ᠴᠢᠷᠮᠠᠶᠢᠵᠤ᠂ ᠪᠦᠬᠦ ᠤᠷᠤᠨ ᠤ ᠠᠵᠤ | ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ ᠬᠡᠵᠤ | ᠵᠤᠷᠢᠬᠵᠢᠭᠤᠯᠪᠠ᠃ | ᠯᠢ ᠵᠢᠶᠠ᠂ ᠵᠠᠩ ᠵᠢᠶᠠᠨ ᠮᠢᠨ᠂ ᠯᠦᠸᠧ ᠶᠦᠩ ᠭᠠᠩ᠂ ᠴᠠᠩ ᠵᠢᠶᠦ᠋ᠨ ᠵᠧᠩ᠂ ᠳ᠋ᠦᠩ ᠾᠧᠩ ᠢᠤᠢ ᠨᠠᠷ | ᠳᠤᠭᠤᠶᠢᠯᠠᠩ ᠬᠠᠮᠳᠤᠷᠠᠬᠰᠠᠨ ᠬᠤᠷᠠᠯ ᠳᠤ ᠤᠷᠤᠯᠴᠠᠵᠠᠢ᠃ | ᠶᠠᠷᠢᠯᠴᠠᠬᠤ ᠳᠣᠮᠳᠠ ᠸᠧᠢ ᠶᠢᠨ ᠵᠦᠩ᠂ ᠵᠤᠤ ᠢᠤᠢ ᠱᠠᠨ᠂ ᠵᠢᠶᠠ ᠵᠧᠨ ᠬᠦᠸᠧ᠂ ᠯᠢ ᠬᠤᠩ ᠢ᠂ ᠴᠧᠨ | ᠶᠤᠸᠠᠢ ᠮᠸᠢ᠂ ᠶᠠᠩ ᠶᠦᠩ ᠱᠧᠩ᠂ ᠵᠠᠩ ᠵᠢᠶᠦ᠋ᠨ ᠸᠧᠢ᠂ ᠶᠠᠩ ᠰᠢ ᠯᠢᠨ᠂ ᠰᠢᠤᠸᠠᠢ ᠱᠧᠩ ᠴᠢ ᠵᠡᠷᠭᠡ ᠬᠡᠰᠢᠭᠦᠨ | ᠤᠷᠢᠳ ᠬᠤᠵᠢᠳ ᠦᠭᠡ ᠬᠡᠯᠡᠵᠤ᠂ ᠤᠯᠠᠨ ᠢᠶᠠᠷ ᠢᠶᠠᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠠ ᠤᠯᠤᠰ | ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠰᠠᠨᠠᠯ ᠨᠢᠭᠡᠳᠡᠢ | ᠵᠦᠪᠰᠢᠶᠡᠷᠡᠪᠡ᠃ | ᠬᠡᠰᠢᠭᠦᠳ ᠤᠨ ᠬᠡᠯᠡᠭᠦ ᠶᠢ ᠰᠤᠨᠤᠰᠤᠬᠰᠠᠨ ᠤ ᠲᠠᠷᠠᠭ᠎ᠠ ᠯᠢ ᠵᠢᠢ ᠾᠧᠩ᠂ 5 ᠵᠢᠯ ᠤᠨ ᠲᠤᠷᠰᠢ᠂ | ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ | ᠪᠠᠶᠢᠩᠭᠤ ᠶᠢᠨ ᠬᠤᠷᠢᠶ᠎ᠠ ᠡᠯ᠎ᠠ ᠤᠷᠤᠯᠴᠠᠭᠴᠢ ᠨᠢᠭᠡᠴᠡ ᠪᠤᠯᠤᠨ ᠦᠷᠭᠡᠨ ᠤᠯᠠᠨ ᠬᠡᠰᠢᠭᠦᠨ ᠢᠶᠠᠨ ᠪᠦᠯᠬᠦᠮᠳᠡᠭᠦᠯᠦᠨ | ᠲᠠᠭᠠᠭᠤᠯᠵᠤ ᠢᠳᠡᠪᠬᠢᠳᠡᠢ ᠪᠠᠷ ᠵᠦᠪᠯᠡᠯᠭᠡ ᠬᠢᠵᠤ ᠲᠦᠷᠦ ᠶᠢᠨ ᠶᠠᠪᠤᠳᠠᠯ ᠢ ᠵᠦᠪᠯᠡᠵᠤ᠂ ᠠᠷᠭ᠎ᠠ ᠪᠤᠳᠤᠯᠭ᠎ᠠ | ᠲᠡᠪᠰᠢᠭᠦᠯᠵᠤ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠤᠨ ᠬᠦᠭᠵᠢᠯᠳᠡ ᠳᠤ ᠰᠢᠨ᠎ᠠ ᠦᠷ᠎ᠡ ᠪᠦᠳᠦᠮᠵᠢ | ᠣᠯᠵᠣ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠳᠦᠭᠡᠨ | ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠢᠨ᠎ᠠ ᠴᠠᠭ ᠦᠶ᠎ᠠ ᠳᠤ ᠤᠷᠤᠭᠰᠠᠨ ᠤ ᠳᠠᠷᠠᠭ᠎ᠠ᠂ | ᠪᠦᠬᠦ ᠤᠷᠤᠨ ᠤ ᠡᠯ᠎ᠠ ᠱᠠᠳᠤᠨ ᠤ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠪᠠ ᠦᠷᠭᠡᠨ | ᠤᠯᠠᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠭᠤᠤᠯ | ᠡᠭᠦᠷᠭᠡ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠴᠢᠳᠠᠪᠤᠷᠢ ᠪᠠᠨ | ᠲᠡᠭᠡᠭᠰᠢᠯᠡᠭᠦᠯᠵᠤ᠂ ᠮᠠᠨ ᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠠ ᠪᠠᠶᠢᠳᠠᠯ ᠢ | ᠲᠠᠰᠤᠷᠠᠯᠲᠠ ᠦᠭᠡᠢ ᠡᠭᠦᠳᠪᠡ ᠬᠡᠪᠡ᠃ | ᠯᠢ ᠵᠢᠢ ᠾᠧᠩ᠂ ᠦᠩᠭᠡᠷᠡᠭᠰᠡᠨ ᠨᠢᠭᠡ ᠵᠢᠯ ᠳᠤ ᠮᠠᠨ ᠤ ᠤᠷᠤᠨ ᠤ ᠠᠵᠤ ᠠᠬᠤᠢ ᠶᠢᠨ ᠬᠦᠭᠵᠢᠯᠳᠡ ᠳᠤ | ᠤᠯᠤᠬᠰᠠᠨ ᠠᠮᠵᠢᠯᠳᠡ ᠪᠦᠳᠦᠮᠵᠢ ᠨᠢ ᠬᠢᠯᠪᠡᠷ ᠪᠤᠰᠤ ᠪᠠᠷ ᠢᠷᠡᠭᠰᠡᠨ ᠶᠤᠮ᠂ ᠡᠷᠬᠡᠪᠰᠢ ᠬᠤᠪᠢ ᠲᠠᠬᠢᠨ ᠢᠶᠠᠷ | ᠨᠠᠨᠳᠢᠩᠨᠡᠨ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ᠂ ᠬᠦᠭᠵᠢᠭᠦᠯᠬᠦ ᠭᠡᠰᠡᠨ ᠡᠨᠡᠭᠦ ᠲᠡᠷᠢᠭᠦᠨ ᠴᠢᠬᠤᠯᠠ ᠡᠭᠦᠷᠭᠡ ᠶᠢ | ᠯᠠᠪᠳᠠᠭᠤᠨ ᠪᠠᠳᠤᠳᠠᠢ ᠰᠠᠶᠢᠲᠤᠷ ᠠᠳᠬᠤᠬᠤ ᠬᠡᠷᠡᠭᠳᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠲᠤᠬᠳᠠᠭᠤᠨ ᠤ | ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠴᠢᠨᠠᠷ ᠰᠠᠶᠢᠲᠠᠢ | ᠬᠦᠭᠵᠢᠯᠳᠡ ᠶᠢ ᠠᠬᠢᠭᠤᠯᠬᠤ ᠶᠢ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠡᠯ᠎ᠠ ᠲᠠᠯ᠎ᠠ ᠳᠤ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯ ᠢ ᠨᠡᠩ ᠪᠤᠳᠠᠳᠠᠢ ᠨᠡᠩ ᠰᠠᠶᠢᠲᠤᠷ ᠠᠳᠬᠤᠬᠤ ᠬᠡᠷᠡᠭᠳᠡᠢ᠃ | ᠦᠷᠭᠡᠨ ᠤᠯᠠᠨ ᠠᠵᠤ ᠠᠬᠤᠢ ᠶᠢᠨ ᠡᠳᠡᠭᠡᠳ ᠤᠨ ᠬᠦᠮᠦᠰ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠠ ︽ | ᠭᠤᠷᠪᠠᠨ ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠭᠦ ᠳᠤ ᠬᠦᠴᠦᠨ ᠨᠡᠮᠡᠷᠢᠯᠡᠭᠦ ᠲᠠᠯ᠎ᠠ ᠪᠠᠷ | ᠢᠳᠡᠪᠬᠢᠳᠡᠢ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃ | ᠯᠢ ᠵᠢᠢ ᠾᠧᠩ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠬᠦᠭᠵᠢᠯᠳᠡ ᠶᠢ ᠲᠡᠮᠵᠢᠭᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠠᠷᠠᠯᠵᠢᠶ᠎ᠠ ᠬᠢᠬᠦ ᠤᠷᠴᠢᠨ ᠲᠤᠭᠤᠷᠢᠨ ᠢ ᠴᠤᠬᠴᠠᠯᠠᠵᠤ᠂ ᠵᠠᠰᠠᠭ ᠤᠨ | ᠤᠷᠳᠤᠨ ᠬᠢᠬᠡᠳ ᠠᠷᠠᠯᠵᠢᠶᠠᠴᠢᠨ ᠤ ᠰᠢᠨ᠎ᠠ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠦᠷᠭᠡᠨ ᠤᠯᠠᠨ ᠠᠵᠤ | ᠠᠬᠤᠢ ᠶᠢᠨ ᠡᠳᠡᠭᠡᠳ ᠤᠨ ᠬᠦᠮᠦᠰ ᠰᠢᠯᠢᠳᠡᠭ ᠠᠵᠤ ᠠᠬᠤᠶᠢᠯᠠᠯᠲᠠᠨ ᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠤ᠂ | ᠠᠵᠢᠯ ᠬᠢᠵᠤ ᠦᠢᠯᠡᠰ ᠴᠤᠭᠴᠠᠯᠠᠬᠤ ᠬᠦᠭᠵᠢᠯᠳᠡ ᠶᠢ ᠰᠦᠪᠡᠭᠴᠢᠯᠡᠭᠦ ᠪᠠᠷ ᠴᠢᠷᠮᠠᠶᠢᠨ ᠵᠢᠳᠭᠦᠵᠤ᠂ ︽ | ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ | ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠳᠤ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃ | |