2017 ᠣᠨ ᠳᠤ ᠥᠪᠥᠷ ᠮᠣᠩᠭᠤᠯ ᠤᠨ ᠵᠡᠭᠦᠨ ᠲᠦᠷᠪᠡᠨ ᠠᠶᠢᠮᠠᠭ ᠬᠤᠳᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠬᠤᠣᠰ ᠨᠡᠮᠡᠭᠳᠡᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2018/1/26
     ᠪᠣᠭᠤᠮᠲᠠ ᠶᠢᠨ ᠪᠦᠷᠢᠳᠬᠡᠯ ᠠᠴᠠ ᠦᠵᠡᠪᠡᠯ᠂ 2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠲᠦᠷᠪᠡᠨ ᠠᠶᠢᠮᠠᠭ ᠬᠤᠲᠠ ︵ᠵᠡᠭᠦᠨ ᠲᠦᠷᠪᠡᠨ ᠠᠶᠢᠮᠠᠭ ᠬᠤᠲᠠ ᠭᠡᠵᠦ ᠲᠣᠪᠴᠢᠯᠠᠪᠠ︶᠎ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠨᠢ 293.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ︵ᠳᠣᠷᠣᠭᠰᠢ ᠠᠳᠠᠯᠢ︶ 12.4%᠎ ᠪᠠᠷ ᠨᠡᠮᠡᠭᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠳᠠᠬᠢ  ᠭᠠᠳᠠᠭᠠᠳᠤ ᠠᠷᠠᠯᠵᠢᠶᠠᠨ ᠤ ᠶᠡᠷᠦᠩᠬᠡᠶ ᠦᠷᠳᠡᠭ ᠤᠨ31.1%᠎ ᠶᠢ ᠡᠵᠡᠯᠡᠪᠡ︔ ᠡᠭᠦᠨ ᠳᠤ ᠭᠠᠳᠠᠭᠠᠳᠤ ᠭᠠᠷᠭᠠᠯᠲᠠ ᠎ ᠨᠢ 88.6 ᠳ᠋ᠦᠩᠰᠢᠭᠤᠷ ᠲᠥᠭᠦᠷᠢᠭ ᠲᠤ ᠬᠦᠷᠴᠦ᠂ 6.1%᠎ ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠨᠢ 204.8 ᠳ᠋ᠦᠩᠰᠢᠭᠤᠷ ᠲᠥᠭᠦᠷᠢᠭ ᠲᠤ ᠬᠦᠷᠴᠦ᠂ 15.3%᠎ ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠬᠤᠣᠰ  ᠨᠡᠮᠡᠭᠳᠡᠯ ᠢ ᠪᠡᠶᠡᠯᠡᠭᠦᠯᠪᠡ᠃ ᠡᠭᠦᠨ ᠤ ᠵᠡᠷᠭᠡᠪᠡᠷ᠂ ᠬᠥᠯᠥᠨ ᠪᠣᠶᠢᠷ ᠬᠤᠳᠠ ᠶᠢᠨ ᠭᠠᠳᠠᠭᠠᠳᠤ ᠠᠷᠠᠯᠵᠢᠶᠠᠨ ᠤ  ᠣᠷᠣᠭᠤᠯᠤᠯᠲᠠ ᠭᠠᠷᠭᠠᠯᠲᠠ ᠨᠢ 206.9 ᠳ᠋ᠦᠩᠰᠢᠭᠤᠷ ᠲᠥᠭᠦᠷᠢᠭ ᠲᠤ ᠬᠦᠷᠴᠦ᠂ 17.5%᠎ ᠪᠠᠷ ᠨᠡᠮᠡᠭᠳᠡᠨ᠂ ᠵᠡᠭᠦᠨ ᠲᠦᠷᠪᠡᠨ ᠠᠶᠢᠮᠠᠭ ᠬᠤᠳᠠ ᠶᠢᠨ ᠠᠳᠠᠯᠢ ᠬᠤᠭᠤᠴᠠᠭᠠᠨ ᠳᠠᠬᠢ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠪᠦᠬᠦ ᠦᠷᠳᠡᠭ ᠤᠨ 70.5%᠎ ᠶᠢ ᠡᠵᠡᠯᠡᠵᠦ᠂  ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠣᠷᠤᠶᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号