| 1 ᠳ᠋ᠤᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠦᠪᠤᠷ ᠮᠤᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ | ᠬᠢᠵᠦ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ | ᠬᠤᠷᠢᠶ᠎ᠠ ᠶᠢᠨ ᠠᠵᠢᠯ ᠤᠨ ᠮᠡᠳᠡᠭᠦᠯᠦᠯᠳᠡ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠰᠤᠨᠤᠰᠴᠣ ᠬᠢᠨᠠᠨ ᠵᠦᠪᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠯᠢ ᠷᠦᠡᠭ ᠰᠢ ᠬᠤᠷᠠᠯ ᠢ ᠡᠷᠬᠢᠯᠠᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠾᠧ ᠶᠠᠨ ᠯᠢᠩ᠂ ᠶᠡᠭᠡ ᠬᠤᠷᠠᠯ ᠤᠨ | ᠭᠦᠢᠴᠡᠳᠭᠡᠭᠴᠢ ᠲᠡᠷᠢᠭᠦᠯᠡᠭᠴᠢ ᠵᠤᠤ ᠵᠢᠶᠠᠩ ᠲᠤᠤ᠂ ᠬᠤᠤ ᠮᠤᠤ ᠷᠦᠡᠭ᠂ ᠱᠢ ᠸᠠᠨ ᠵᠢᠶᠦ᠋ᠨ ᠲᠡᠷᠢᠭᠦᠯᠡᠭᠴᠢᠳ ᠤᠨ | ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ ᠯᠢ ᠵᠢᠢ ᠾᠸᠡᠭ᠂ ᠪᠦ᠋ ᠰᠢᠶᠤᠤ ᠯᠢᠨ᠂ ᠯᠢ ᠵᠢᠶᠠ᠂ ᠵᠠᠩ ᠵᠢᠶᠠᠨ | ᠮᠢᠨ᠂ ᠸᠠᠩ ᠯᠢ ᠰᠢᠶᠠ᠂ ᠽᠸᠡᠭ ᠢ ᠴᠦᠨ᠂ ᠯᠢᠤ ᠴᠢ ᠹᠠᠨ᠂ ᠵᠠᠩ ᠶᠤᠸᠠᠨ ᠵᠦᠡᠭ᠂ ᠶᠦᠨ ᠭᠤᠸᠠᠩ ᠵᠦᠡᠭ᠂ | ᠪᠠᠢ ᠢᠤᠢ ᠭᠠᠨᠭ᠌᠂ ᠯᠦᠸᠧ ᠶᠦᠡᠭ ᠭᠠᠨᠭ᠌᠂ ᠯᠢ ᠵᠢᠶᠧ ᠰᠢᠶᠠᠩ᠂ ᠯᠸᠡᠭ ᠵᠢᠶᠧ ᠰᠦᠡᠭ ᠵᠡᠷᠭᠡ ᠦᠪᠡᠷᠳᠡᠭᠡᠨ | ᠵᠠᠰᠠᠬᠤ ᠤᠷᠤᠨ ᠤ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠨᠠᠷ | ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠳᠤ 535 ᠬᠦᠮᠦᠨ ᠪᠣᠢ᠂ 527 ᠬᠦᠮᠦᠨ ᠨᠢ ᠡᠨᠡ | ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ | ᠹᠸᠡᠭ ᠮᠡᠳᠡᠭᠦᠯᠦᠯᠳᠡ ᠳᠡᠭᠡᠨ᠂ 2013 ᠤᠨ ᠠᠴᠠ ᠨᠠᠰᠢ᠂ ᠪᠦᠭᠦ ᠤᠷᠤᠨ ᠤ ᠰᠢᠭᠦᠭᠦ ᠬᠤᠷᠢᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠤᠱᠯᠠᠭᠤᠯᠵᠦ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠤᠯᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠳᠤ ᠬᠡᠯᠡᠭᠰᠡᠨ ᠴᠢᠬᠤᠯᠠ | ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠠᠷᠠᠳ ᠤᠨ ᠲᠦᠯᠦᠭᠡ ᠬᠠᠣᠯᠢ | ᠶᠠᠪᠣᠭᠤᠯᠬᠤ᠂ ᠲᠦᠪ ᠭᠤᠤᠯᠴᠢ ᠪᠠᠷ ᠬᠠᠤᠯᠢ ᠶᠠᠪᠣᠭᠤᠯᠬᠤ ᠭᠤᠤᠯ ᠰᠢᠵᠢᠮ ᠢ ᠪᠠᠳᠣ ᠡᠵᠡᠮᠰᠢᠵᠦ᠂ ᠦᠨᠳᠦᠰᠦᠨ | ᠬᠠᠤᠯᠢ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ | ᠰᠢᠭᠦᠨ ᠲᠠᠰᠤᠯᠬᠤ ᠭᠦᠢᠴᠡᠳᠭᠡᠭᠦ ᠠᠵᠢᠯ ᠪᠠ ᠡᠯ᠎ᠠ ᠵᠦᠢᠯ ᠤᠨ ᠪᠠᠶᠢᠭᠤᠯᠤᠯᠲᠠ ᠳᠠᠭᠠᠨ ᠴᠦᠮ ᠢᠯᠡᠷᠭᠡᠢ ᠦᠷ᠎ᠠ | ᠪᠦᠲᠦᠮᠵᠢ ᠤᠯᠵᠦ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠠᠯᠳᠠ ᠬᠦᠭᠵᠢᠯᠳᠠ ᠲᠤᠬᠳᠠᠭᠤᠨ ᠤ ᠶᠡᠭᠡ | ᠲᠠᠯ᠎ᠠ ᠳᠤ ᠬᠦᠴᠦᠨ ᠪᠦᠬᠦᠢ ᠬᠠᠤᠯᠢ ᠶᠠᠪᠣᠭᠤᠯᠬᠤ ᠪᠠᠳᠤᠯᠠᠭ᠎ᠠ ᠬᠠᠨᠭ᠍ᠭᠠᠵᠠᠢ ᠭᠡᠵᠦ ᠵᠢᠭᠠᠵᠦ ᠭᠠᠷᠭᠠᠪᠠ᠃ | ᠬᠤ᠋ ᠢ ᠹᠸᠡᠭ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠭᠦ ᠶᠢ ᠪᠠᠷᠢᠮᠳᠠᠯᠠᠵᠦ᠂ | ᠬᠠᠤᠯᠢ ᠶᠤᠰᠤᠭᠠᠷ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠬᠦ ᠶᠢ | ᠬᠠᠮᠠᠭᠠᠯᠠᠪᠠ︔ ᠬᠠᠤᠯᠢ ᠶᠤᠰᠤᠭᠠᠷ ᠡᠯ᠎ᠠ ᠲᠦᠷᠦᠯ ᠤᠨ ᠡᠷᠡᠭᠦᠦ ᠶᠢᠨ ᠶᠠᠯᠠᠳᠤ ᠠᠵᠢᠯᠯᠠᠭ᠎ᠠ ᠶᠢ ᠵᠠᠯᠬᠠᠭᠠᠨ ᠰᠢᠳᠭᠡᠵᠦ᠂ | ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠪᠠ︔ ᠬᠠᠤᠯᠢ ᠶᠠᠪᠣᠭᠤᠯᠬᠤ ᠪᠠᠶᠢᠭᠤᠯᠤᠮᠵᠢ ᠶᠢᠨ | ᠦᠭᠡᠷᠡᠴᠢᠯᠠᠯᠳᠠ ᠶᠢ ᠪᠦᠭᠦ ᠲᠠᠯ᠎ᠠ ᠪᠠᠷ ᠬᠦᠨᠵᠡᠭᠡᠶᠢᠷᠡᠬᠦᠯᠵᠤ᠂ ᠬᠠᠤᠯᠢ ᠶᠠᠪᠣᠭᠤᠯᠬᠤ ᠠᠵᠢᠯ ᠤᠨ ᠲᠦᠪ ᠭᠤᠤᠯᠴᠢ | ᠦᠨᠳᠤᠷ ᠪᠦᠲᠦᠮᠵᠢᠳᠠᠢ ᠪᠠᠶᠢᠬᠤ ᠶᠢ ᠠᠬᠢᠭᠤᠯᠪᠠ︔ ᠠᠷᠠᠳ ᠤᠨ ᠲᠦᠯᠦᠭᠡ ᠬᠠᠣᠯᠢ ᠶᠠᠪᠣᠭᠤᠯᠬᠤ ᠶᠢ ᠪᠠᠷᠢᠮᠳᠠᠯᠠᠵᠣ᠂ | ᠠᠷᠠᠳ ᠲᠦᠮᠨᠨ ᠤ ᠤᠯᠠᠨ ᠡᠰᠢᠵᠢᠭᠰᠡᠨ ᠬᠠᠤᠯᠢ ᠶᠠᠪᠣᠭᠤᠯᠬᠤ ᠬᠡᠷᠡᠭᠴᠡᠭᠡ ᠶᠢ ᠴᠢᠷᠮᠠᠶᠢᠨ ᠬᠠᠨᠭ᠍ᠭᠠᠪᠠ︔ ᠰᠢᠭᠦᠨ | ᠲᠠᠰᠤᠯᠬᠤ ᠬᠠᠮᠢᠶᠠᠷᠤᠯᠳᠠ ᠶᠢ ᠴᠢᠩᠭᠠᠳᠬᠠᠵᠦ᠂ ᠬᠠᠤᠯᠢ ᠶᠠᠪᠣᠭᠤᠯᠬᠤ ᠠᠵᠢᠯ ᠤᠨ ᠢᠳᠡᠭᠡᠭᠦᠯᠭᠦ ᠬᠦᠴᠦᠨ | ᠲᠠᠰᠤᠷᠠᠯᠳᠠ ᠦᠭᠡᠢ ᠲᠡᠭᠡᠭᠰᠢᠯᠡᠪᠡ︔ ᠦᠨᠳᠦᠰᠦᠨ ᠱᠠᠳᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠵᠦ᠂ | ᠰᠢᠭᠦᠭᠦ ᠬᠤᠷᠢᠶ᠎ᠠ ᠶᠢᠨ ᠬᠦᠭᠵᠢᠯᠳᠠ ᠶᠢᠨ ᠰᠠᠭᠤᠷᠢ ᠶᠢ ᠪᠠᠭᠢᠵᠢᠭᠦᠯᠪᠡ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠳᠤᠷᠢᠳᠬᠤ ᠪᠠᠬ ᠪᠤᠯᠤᠨ ᠡᠩᠨᠡᠭᠡ ᠶᠢᠨ ᠪᠠᠶᠢᠢᠭᠤᠯᠤᠯᠳᠠ ᠶᠢ | ᠴᠢᠩᠭᠠᠳᠬᠠᠪᠠ︔ ᠨᠠᠮ ᠤᠨ ᠤᠳᠤᠷᠢᠳᠤᠯᠭ᠎ᠠ ᠪᠠ ᠡᠯ᠎ᠠ ᠲᠠᠯ᠎ᠠ ᠶᠢᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠠᠵᠦ᠂ ᠠᠷᠠᠳ ᠤᠨ ᠰᠢᠭᠦᠭᠦ ᠬᠤᠷᠢᠶ᠎ᠠ ᠶᠢᠨ ᠠᠵᠢᠯ ᠢ ᠲᠠᠰᠤᠷᠠᠯᠳᠠ ᠦᠭᠡᠢ ᠰᠠᠶᠢᠵᠢᠷᠠᠭᠤᠯᠪᠠ ᠵᠡᠷᠭᠡ 8 ᠲᠠᠯ᠎ᠠ | ᠪᠠᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠦᠡᠭᠭᠡᠷᠡᠭᠰᠨᠨ | ᠲᠠᠪᠤᠨ ᠵᠢᠯ ᠤᠨ ᠠᠵᠢᠯ ᠢᠶᠠᠨ ᠡᠷᠭᠢᠴᠡᠭᠦᠯᠵᠦ᠂ ᠬᠤᠶᠢᠰᠢᠳᠠ ᠶᠢᠨ ᠠᠵᠢᠯ ᠤᠨ ᠰᠡᠳᠭᠢᠴᠡ ᠪᠤᠯᠤᠨ 2018 ᠤᠨ ᠤ | ᠭᠤᠤᠯ ᠡᠭᠦᠷᠭᠡ ᠶᠢ ᠦᠭᠦᠯᠡᠨ ᠳᠣᠭᠠᠴᠢᠵᠠᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ | ᠶᠦᠡᠭ ᠱᠸᠡᠭ ᠮᠡᠳᠡᠭᠦᠯᠦᠯᠳᠡ ᠳᠡᠭᠡᠨ᠂ 2013 ᠤᠨ ᠠᠴᠠ ᠨᠠᠰᠢ᠂ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ | ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠤᠯᠤᠨ ᠦᠪᠡᠷᠳᠡᠭᠡᠨ | ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠤᠳᠠᠭ᠎ᠠ ᠪᠦᠷᠢ ᠶᠢᠨ ᠬᠤᠷᠠᠯ ᠤᠨ ᠲᠤᠬᠳᠠᠭᠠᠯ ᠰᠢᠢᠳᠪᠤᠷᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠦ ᠠᠬᠤᠢ | ᠨᠡᠶᠢᠭᠡᠮ ᠤᠨ ᠬᠦᠭᠵᠢᠯᠳᠠ ᠳᠤ ᠢᠳᠡᠪᠭᠢᠳᠠᠢ ᠦᠢᠯᠡᠴᠢᠯᠡᠨ ᠪᠠᠳᠤᠯᠠᠭ᠎ᠠ ᠬᠠᠨᠭ᠍ᠭᠠᠵᠦ᠂ ᠲᠦᠪ ᠭᠤᠣᠯᠴᠢ ᠰᠢᠳᠤᠷᠭᠤ | ᠶᠤᠰᠤ ᠶᠢ ᠪᠦᠭᠦ ᠬᠦᠴᠦᠨ ᠢᠶᠠᠷ ᠢᠶᠠᠨ ᠬᠠᠮᠠᠭᠠᠯᠠᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠤᠯᠭᠤᠬᠰᠠᠨ | ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠡᠯ᠎ᠠ | ᠵᠦᠢᠯ ᠤᠨ ᠪᠠᠶᠢᠴᠠᠭᠠᠬᠤ ᠠᠵᠢᠯ ᠰᠢᠨ᠎ᠠ ᠲᠠᠪᠰᠢᠯᠳᠠ ᠲᠠᠢ ᠪᠤᠯᠪᠠ ᠭᠡᠵᠦ ᠵᠢᠭᠠᠵᠦ ᠭᠠᠷᠭᠠᠪᠠ᠃ | ᠮᠠ ᠶᠦᠡᠭ ᠱᠸᠡᠭ᠂ ᠨᠡᠶᠢᠭᠡᠮ ᠤᠨ ᠲᠤᠭᠳᠠᠭᠤᠨ ᠢ ᠬᠠᠮᠠᠭᠠᠯᠠᠵᠦ᠂ ᠠᠵᠦ ᠠᠬᠤᠢ ᠶᠢᠨ ᠬᠦᠭᠵᠢᠯᠳᠠ ᠳᠤ | ᠪᠠᠳᠤᠯᠠᠭ᠎ᠠ ᠬᠠᠨᠭ᠍ᠭᠠᠵᠦ᠂ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠬᠠᠨᠭ᠍ᠭᠠᠪᠠ︔ ᠵᠠᠯᠬᠠᠭᠠᠬᠤ ᠪᠠ ᠰᠡᠷᠭᠡᠶᠢᠯᠡᠬᠦ ᠶᠢ ᠵᠡᠷᠭᠡᠪᠡᠷ ᠠᠳᠬᠤᠬᠤ ᠶᠢ | ᠪᠠᠷᠢᠮᠳᠠᠯᠠᠵᠦ᠂ ᠪᠦᠭᠦ ᠬᠦᠴᠦᠨ ᠢᠶᠠᠷ ᠢᠶᠠᠨ ᠱᠠᠮᠰᠢᠭᠰᠠᠳ ᠢ ᠠᠷᠢᠯᠭᠠᠵᠦ ᠢᠯᠵᠢᠷᠠᠯ ᠢ ᠡᠰᠡᠷᠭᠦᠴᠡᠵᠦ᠂ ᠢᠯᠵᠢᠷᠠᠯ ᠢ | ᠡᠰᠡᠷᠭᠦᠴᠡᠭᠦ ᠲᠡᠮᠡᠴᠡᠯ ᠤᠨ ᠨᠢᠴᠠ ᠳᠠᠷᠤᠬᠤ ᠪᠠᠶᠢᠳᠠᠯ ᠢ ᠪᠦᠷᠢᠯᠳᠦᠭᠦᠯᠭᠦ ᠳᠤ ᠪᠠᠶᠢᠴᠠᠭᠠᠬᠤ ᠬᠦᠴᠦᠨ ᠴᠢᠳᠠᠯ ᠢᠶᠠᠨ | ᠡᠷᠭᠦᠪᠡ︔ ᠵᠠᠷᠭᠤ ᠶᠢᠨ ᠬᠢᠨᠠᠯᠳᠠ ᠶᠢ ᠴᠢᠩᠭᠠᠳᠬᠠᠵᠦ᠂ ᠬᠠᠤᠯᠢ ᠶᠠᠪᠣᠭᠤᠯᠬᠤ ᠠᠵᠢᠯ ᠤᠨ ᠢᠳᠡᠭᠡᠭᠦᠯᠭᠦ ᠬᠦᠴᠦᠨ ᠢ | ᠴᠢᠩᠭᠠᠷᠠᠭᠤᠯᠵᠦ᠂ ᠬᠠᠤᠯᠢ ᠶᠠᠪᠣᠭᠤᠯᠣᠭᠰᠠᠨ ᠬᠡᠷᠡᠭ ᠪᠤᠯᠭᠠᠨ ᠠᠴᠠ ᠣᠯᠠᠨ ᠲᠦᠮᠡᠨ ᠳᠤ ᠡᠷᠭᠡ ᠲᠡᠭᠰᠢ ᠰᠢᠳᠤᠷᠭᠤ | ᠶᠤᠰᠤ ᠶᠢ ᠴᠢᠷᠮᠠᠶᠢᠨ ᠮᠡᠳᠡᠷᠡᠭᠦᠯᠪᠡ︔ ᠰᠢᠨᠵᠢᠯᠡᠭᠦ ᠤᠬᠠᠭᠠᠨᠴᠢ ᠪᠠᠷ ︽ᠠᠵᠢᠯᠯᠠᠬᠤ︾ ᠶᠢ ᠴᠢᠩᠭ᠎ᠠ ᠠᠳᠬᠤᠵᠦ᠂ | ᠦᠭᠡᠷᠡᠴᠢᠯᠠᠯᠳᠠ ᠶᠢ ᠪᠦᠭᠦ ᠲᠠᠯ᠎ᠠ ᠪᠠᠷ ᠠᠬᠢᠭᠤᠯᠵᠦ᠂ ᠪᠠᠶᠢᠴᠠᠭᠠᠬᠤ ᠡᠷᠭᠡ ᠶᠢᠨ ᠲᠦᠪ ᠭᠤᠤᠯᠴᠢ ᠦᠨᠳᠤᠷ ᠦᠷ᠎ᠡ | ᠪᠦᠲᠦᠮᠵᠢᠳᠠᠢ ᠪᠠᠷ ᠬᠡᠷᠡᠭᠵᠢᠭᠦᠯᠦᠭᠳᠡᠭᠦ ᠶᠢ ᠠᠬᠢᠭᠤᠯᠪᠠ︔ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭ᠎ᠠ | ᠵᠠᠰᠠᠵᠦ᠂ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠪᠠᠶᠢᠴᠠᠭᠠᠬᠤ ᠡᠩᠨᠡᠭᠡ ᠶᠢᠨ ᠲᠤᠰᠬᠠᠶᠢᠵᠢᠬᠤ ᠮᠡᠷᠭᠡᠰᠢᠬᠦ | ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ ᠵᠡᠷᠭᠡ 5 ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠤ | ᠪᠠᠶᠢᠴᠠᠭᠠᠬᠤ ᠬᠤᠷᠢᠶ᠎ᠠ ᠶᠢᠨ 5 ᠵᠢᠯ ᠤᠨ ᠠᠵᠢᠯ ᠢ ᠪᠦᠭᠦ ᠲᠠᠯ᠎ᠠ ᠪᠠᠷ ᠳ᠋ᠦᠡᠭᠨᠡᠭᠰᠡᠨ ᠪᠦᠭᠡᠳ 2018 ᠤᠨ ᠤ ᠪᠦᠭᠦ | ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠰᠡᠳᠭᠢᠴᠡ ᠪᠤᠯᠤᠨ ᠭᠤᠤᠯ ᠡᠭᠦᠷᠭᠡ ᠶᠢ ᠲᠤᠳᠤᠷᠬᠠᠢ | ᠲᠤᠷᠠᠳᠴᠠᠢ᠃ | ᠶᠡᠭᠡ ᠬᠤᠷᠠᠯ ᠤᠨ ᠬᠠᠤᠯᠢ ᠳᠤ ᠲᠤᠬᠳᠠᠭᠠᠬᠰᠠᠨ ᠰᠤᠯᠨ ᠤᠷᠤᠯᠴᠠᠬᠴᠢ᠂ ᠦᠪᠡᠷᠳᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠭᠤᠴᠢᠨ ᠲᠤᠯᠤᠳᠤᠭᠠᠷ ᠬᠤᠷᠠᠯ ᠠᠴᠠ ᠲᠤᠬᠳᠠᠭᠠᠬᠰᠠᠨ ᠰᠤᠯᠠ ᠤᠷᠤᠯᠴᠬᠠᠴᠢ ᠪᠠ ᠦᠪᠡᠷᠳᠡᠭᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠪᠦᠭᠦ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ | ᠦᠪᠡᠷᠳᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ | ᠬᠤᠷᠢᠶ᠎ᠠ᠂ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ | ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠤᠳᠤᠷᠢᠳᠬᠤ ᠨᠦᠬᠦᠳ ᠬᠤᠷᠠᠯ ᠳᠤ ᠰᠤᠯᠠ ᠤᠷᠤᠯᠴᠠᠵᠠᠢ᠃ |