1 ᠳ᠋ᠦ᠋ᠭᠡᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ | ᠲᠡᠷᠢᠬᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ | ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠯᠢ ᠵᠢᠶᠠ ᠬᠤᠷᠠᠯ ᠢ ᠡᠷᠬᠢᠯᠡᠵᠦ᠂ | ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠬᠦᠯᠡᠭᠴᠢ ᠸᠠᠩ ᠵᠦᠩ ᠡᠾᠧ᠂ ᠳ᠋ᠦᠩ ᠡᠾᠧᠩ ᠢᠤᠢ᠂ | ᠵᠧᠩ ᠹᠦ᠋ ᠲᠢᠶᠠᠨ᠂ ᠯᠦᠸᠧ ᡁᠢ ᠬᠤ᠋᠂ ᠯᠢᠦ ᠰᠢᠨ ᠯᠧ᠂ ᠴᠠᠩ ᠵᠢᠶᠦ᠋ᠨ ᠵᠧᠩ᠂ ᠴᠡᠴᠡᠭ ᠪᠤᠯᠤᠨ ᠨᠠᠷᠢᠨ ᠪᠢᠴᠢᠭ | ᠤᠨ ᠲᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃ | ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ | ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠡᠶᠢᠲᠡ 119 | ᠬᠦᠮᠦᠨ ᠪᠤᠢ᠂ ᠡᠨᠡ ᠤᠳᠠᠭ᠎ᠠ ᠶᠢᠨ ᠬᠤᠷᠠᠯ ᠳᠤ 116 ᠬᠦᠮᠦᠨ ᠤᠷᠤᠯᠴᠠᠵᠤ᠂ ᠬᠠᠥᠯᠢ ᠳᠤ ᠲᠤᠬᠳᠠᠭᠠᠬᠰᠠᠨ | ᠬᠦᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ | ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠤᠩᠭᠤᠭᠤᠯᠢ ᠶᠢᠨ ᠠᠷᠭ᠎ᠠ ︵ | ᠲᠦᠰᠦᠯ︶᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ᠂ | ᠪᠠᠶᠢᠩᠭᠤ ᠶᠢᠨ ᠬᠡᠰᠢᠬᠦᠨ ᠤ ᠵᠢᠱᠢᠭᠳᠡᠭᠰᠡᠳ ᠤᠨ ᠨᠡᠷᠡᠰ᠂ ᠤᠯᠤᠰ ᠲᠦᠷᠦ ᠶᠢᠨ ᠵᠦᠪᠯᠡᠯᠬᠡᠨ ᠤ ᠦᠪᠦᠷ ᠮᠤᠩᠭᠤᠯ | ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ | ᠤᠨ ᠰᠤᠩᠭᠤᠭᠤᠯᠢ ᠶᠢᠨ ᠶᠡᠷᠦᠩᠬᠡᠢ ᠪᠢᠯᠧᠲ ᠬᠢᠨᠠᠬᠴᠢ᠂ ᠲᠡᠳ᠋ ᠶᠡᠷᠦᠩᠬᠡᠢ ᠪᠢᠯᠧᠲ ᠬᠢᠨᠠᠬᠴᠢ᠂ ᠪᠢᠯᠧᠲ | ᠬᠢᠨᠠᠬᠴᠢ ᠶᠢᠨ ᠨᠡᠷᠡᠰ ︵ᠲᠦᠰᠦᠯ︶ ᠢ ᠬᠢᠨᠠᠨ ᠵᠦᠪᠯᠡᠵᠦ ᠪᠠᠳᠤᠯᠠᠵᠠᠢ᠃ ᠰᠤᠩᠭᠤᠭᠤᠯᠢ ᠶᠢᠨ ᠠᠷᠭ᠎ᠠ ︵ᠲᠦᠰᠦᠯ︶ | ᠪᠤᠯᠤᠨ ᠰᠤᠩᠭᠤᠭᠤᠯᠢ ᠶᠢᠨ ᠶᠡᠷᠦᠩᠬᠡᠢ ᠪᠢᠯᠧᠲ ᠬᠢᠨᠠᠬᠴᠢ᠂ ᠲᠡᠳ᠋ ᠶᠡᠷᠦᠩᠬᠡᠢ ᠪᠢᠯᠧᠲ ᠬᠢᠨᠠᠬᠴᠢ᠂ ᠪᠢᠯᠧᠲ | ᠬᠢᠨᠠᠬᠴᠢ ᠶᠢᠨ ᠨᠡᠷᠡᠰ ︵ᠲᠦᠰᠦᠯ︶ ᠢ ᠲᠦᠷᠪᠡᠳᠦᠬᠡᠷ ᠤᠳᠠᠭ᠎ᠠ ᠶᠢᠨ ᠪᠦᠬᠦᠳᠡ ᠬᠤᠷᠠᠯ ᠳᠤ ᠳᠡᠪᠰᠢᠬᠦᠯᠦᠨ ᠬᠢᠨᠠᠨ | ᠵᠦᠪᠯᠡᠬᠦᠯᠬᠦ ᠪᠤᠯᠤᠨ᠎ᠠ᠃ | ᠬᠤᠷᠠᠯ ᠠᠴᠠ ᠡᠮᠦᠨ᠎ᠡ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠬᠦᠯᠡᠭᠴᠢᠳ ᠤᠨ ᠪᠦᠯᠬᠦᠮ | ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠲᠡᠷᠢᠬᠦᠯᠡᠭᠴᠢᠳ ᠤᠨ ᠬᠤᠷᠠᠯ ᠬᠢᠵᠦ᠂ ᠡᠯ᠎ᠡ ᠳᠤᠭᠤᠶᠢᠯᠠᠩ ᠤᠨ | ᠶᠠᠷᠢᠯᠴᠠᠬᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠡᠨᠡ ᠤᠳᠠᠭ᠎ᠠ ᠶᠢᠨ ᠬᠤᠷᠠᠯ ᠳᠤ ᠲᠡᠪᠰᠢᠬᠦᠯᠬᠦ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠡᠢ᠃ |