1 ᠳ᠋ᠤᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠭᠤᠷᠪᠠᠳᠤᠭᠠᠷ ᠤᠳᠠᠭ᠎ᠠ ᠶᠢᠨ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠦᠷᠢᠯᠳᠦᠭᠦᠨ 70 ᠬᠦᠮᠦᠨ ᠪᠣᠢ᠂ 68 ᠬᠦᠮᠦᠨ ᠨᠢ ᠡᠨᠡ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ | ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠯᠢ ᠵᠢᠢ ᠾᠸᠡᠭ | ᠬᠤᠷᠠᠯ ᠢ ᠡᠷᠬᠢᠯᠡᠵᠠᠢ᠃ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠽᠸᠡᠭ ᠢ ᠴᠦᠨ᠂ | ᠨᠠᠰᠤᠨᠮᠦ᠋ᠡᠭᠭᠡ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠸᠠᠩ ᠪᠦᠸᠧ᠂ ᠾᠧ ᠶᠠᠨ ᠯᠢᠩ | ᠬᠤᠷᠠᠯ ᠳᠤ ᠤᠷᠤᠯᠴᠠᠵᠠᠢ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠱᠢ ᠸᠧᠨ | ᠰᠢᠤᠸᠠᠢ ᠶᠢᠨ ᠬᠢᠭᠰᠡᠨ ᠡᠯ᠎ᠠ ᠲᠦᠯᠦᠭᠡᠯᠡᠭᠴᠢᠳ ᠤᠨ ᠪᠦᠯᠭᠦᠮ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠦᠨᠳᠤᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ | ᠲᠦᠯᠦᠭᠡᠯᠡᠭᠴᠢᠳ ᠤᠨ ᠬᠢᠨᠠᠨ ᠵᠦᠪᠯᠡᠬᠦ ᠳᠡᠭᠡᠨ ᠲᠤᠷᠠᠳᠤᠬᠰᠠᠨ ᠰᠠᠨᠠᠯ ᠪᠠ ᠰᠠᠨᠠᠭᠤᠯᠭ᠎ᠠ ᠶᠢ ᠡᠮᠬᠢᠯᠡᠨ | ᠬᠤᠷᠢᠶᠠᠩᠭᠤᠶᠢᠯᠠᠭᠰᠠᠨ ᠤ ᠲᠠᠷᠠᠭ᠎ᠠ᠂ ᠳᠣᠰ ᠳᠣᠰ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠦᠨᠳᠤᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ | ᠲᠤᠰᠢᠶᠠᠨ ᠰᠤᠳᠤᠯᠤᠨ ᠰᠢᠢᠳᠪᠤᠷᠢᠯᠡᠭᠦᠯᠭᠦ ᠪᠠᠷ ᠲᠤᠬᠳᠠᠪᠠ᠃ | ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠵᠦᠪᠯᠡᠯ ᠤᠨ ᠡᠷᠭᠢᠯᠡᠭᠴᠢ ᠭᠡᠰᠢᠭᠦᠨ | ᠸᠠᠩ ᠪᠦᠸᠧ ᠶᠢᠨ ᠬᠢᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2017 ᠤᠨ ᠤ ᠤᠯᠤᠰ | ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ | 2018 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ | ᠲᠦᠰᠦᠯ ᠢ ᠬᠢᠨᠠᠨ ᠪᠠᠶᠢᠴᠠᠭᠠᠭᠰᠠᠨ ᠦᠷ᠎ᠠ ᠳ᠋ᠦᠡᠭ ᠤᠨ ᠲᠤᠬᠠᠢ ᠮᠡᠳᠡᠭᠦᠯᠦᠯᠳᠡ᠂ ᠦᠪᠤᠷ ᠮᠤᠩᠭᠤᠯ ᠤᠨ ᠦᠪᠡᠷᠳᠡᠭᠡᠨ | ᠵᠠᠰᠬᠠᠤ ᠤᠷᠤᠨ ᠤ 2017 ᠤᠨ ᠤ ᠲᠦᠰᠦᠪ ᠢ ᠭᠦᠢᠴᠡᠳᠭᠡᠭᠰᠨᠨ ᠪᠠᠶᠢᠳᠠᠯ ᠪᠠ 2018 ᠤᠨ ᠤ ᠲᠦᠰᠦᠪ ᠤᠨ | ᠲᠦᠰᠦᠯ ᠢ ᠬᠢᠨᠠᠨ ᠪᠠᠶᠢᠴᠠᠭᠠᠭᠰᠠᠨ ᠦᠷ᠎ᠠ ᠳ᠋ᠦᠡᠭ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ ᠶᠢ | ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠭᠡᠰᠢᠭᠦᠨ ᠯᠢᠶᠠᠨ ᠰᠤ᠋ ᠶᠢᠨ ᠬᠢᠭᠰᠡᠨ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠠ | ᠳ᠋ᠦᠡᠭ ᠤᠨ ᠲᠤᠬᠠᠢ ᠮᠡᠳᠡᠭᠦᠯᠦᠯᠳᠡ ᠶᠢ ᠰᠤᠨᠤᠰᠴᠤ ᠬᠢᠨᠠᠨ ᠵᠦᠪᠯᠡᠵᠦ ᠪᠠᠳᠤᠯᠠᠨ᠂ ᠲᠡᠭᠡᠷᠡᠭᠢ 3 ᠮᠡᠳᠡᠭᠦᠯᠦᠯᠳᠡ ᠶᠢ | ᠲᠠᠷᠤᠮᠠᠯᠯᠠᠨ ᠪᠦᠭᠦ ᠲᠦᠯᠦᠭᠡᠯᠡᠭᠴᠢᠳ ᠲᠤ ᠲᠠᠷᠬᠠᠭᠠᠬᠤ ᠪᠠᠷ ᠲᠤᠬᠳᠠᠪᠠ᠃ | ᠬᠤᠷᠠᠯ ᠠᠴᠠ᠂ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ ᠰᠦᠨ ᠬᠤᠨᠭ᠌ ᠮᠸᠢ ᠶᠢᠨ ᠬᠢᠭᠰᠡᠨ | ᠡᠯ᠎ᠠ ᠲᠦᠯᠦᠭᠡᠯᠡᠭᠴᠢᠳ ᠤᠨ ᠪᠦᠯᠭᠦᠮ ᠲᠡᠷᠢᠭᠦᠯᠡᠭᠴᠢᠳ ᠤᠨ ᠪᠦᠯᠭᠦᠮ ᠤᠨ ᠨᠡᠷ᠎ᠠ ᠲᠤᠷᠠᠳᠤᠬᠰᠠᠨ ᠪᠠ | ᠲᠦᠯᠦᠭᠡᠯᠡᠭᠴᠢᠳ ᠨᠡᠷ᠎ᠠ ᠬᠤᠯᠪᠤᠭᠠᠯᠠᠨ ᠲᠤᠷᠠᠳᠤᠬᠰᠠᠨ ᠡᠯ᠎ᠠ ᠵᠦᠢᠯ ᠤᠨ ᠵᠢᠱᠢᠭᠳᠡᠭᠰᠡᠳ ᠤᠨ ᠪᠠᠶᠢᠳᠠᠯ ᠢ ᠵᠦᠪᠳᠡᠵᠦ | ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠦᠯᠦᠭᠡᠯᠡᠭᠴᠢᠳ ᠨᠡᠷ᠎ᠠ | ᠬᠤᠯᠪᠣᠭᠠᠯᠠᠨ ᠲᠤᠷᠠᠳᠤᠬᠰᠠᠨ ᠵᠢᠱᠢᠭᠳᠡᠭᠰᠡᠳ ᠤᠨ ᠨᠡᠷᠡᠰ ᠢ ᠲᠠᠷᠤᠮᠠᠯᠯᠠᠨ ᠪᠦᠭᠦ ᠲᠦᠯᠦᠭᠡᠯᠡᠭᠴᠢᠳ ᠲᠤ ᠲᠠᠷᠬᠠᠭᠠᠵᠦ᠂ | ᠲᠡᠷᠢᠭᠦᠯᠡᠭᠴᠢᠳ ᠤᠨ ᠪᠦᠯᠭᠦᠮ ᠤᠨ ᠨᠡᠷ᠎ᠠ ᠲᠤᠷᠠᠳᠤᠬᠰᠠᠨ ᠵᠢᠱᠢᠭᠳᠡᠭᠰᠡᠳ ᠤᠨ ᠨᠡᠷᠡᠰ ᠲᠠᠢ ᠬᠠᠮᠳᠣ ᠵᠦᠪᠳᠡᠭᠦᠯᠵᠦ᠂ | ᠶᠠᠷᠢᠯᠴᠠᠭᠤᠯᠬᠤ ᠪᠠᠷ ᠲᠤᠬᠳᠠᠪᠠ᠃ | ᠬᠤᠷᠠᠯ ᠠᠴᠠ᠂ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠰᠢᠢᠳᠪᠤᠷᠢ ︵ᠲᠦᠰᠦᠯ︶︾ ︽ᠦᠪᠡᠷᠳᠡᠭᠡᠨ ᠵᠠᠰᠠᠬᠤ ᠤᠷᠤᠨ ᠤ | 2017 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠪᠠ 2018 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ | ᠬᠦᠭᠵᠢᠯᠳᠠ ᠶᠢᠨ ᠲᠦᠯᠦᠪᠯᠡᠭᠡ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠰᠢᠢᠳᠪᠤᠷᠢ ︵ᠲᠦᠰᠦᠯ︶︾ ︽ᠦᠪᠡᠷᠳᠡᠭᠡᠨ ᠵᠠᠰᠠᠬᠤ ᠤᠷᠤᠨ ᠤ 2017 ᠤᠨ ᠤ ᠲᠦᠰᠦᠪ ᠢ ᠭᠦᠢᠴᠡᠳᠭᠡᠭᠰᠡᠨ | ᠪᠠᠶᠢᠳᠠᠯ ᠪᠠ 2018 ᠤᠨ ᠤ ᠲᠦᠰᠦᠪ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠰᠢᠢᠳᠪᠤᠷᠢ ︵ᠲᠦᠰᠦᠯ︶︾ ︽ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠳᠡ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠢᠢᠳᠪᠤᠷᠢ ︵ | ᠲᠦᠰᠦᠯ︶︾ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ | ᠠᠵᠢᠯ ᠤᠨ ᠮᠡᠳᠡᠭᠦᠯᠦᠯᠳᠡ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠰᠢᠢᠳᠪᠤᠷᠢ ︵ᠲᠦᠰᠦᠯ︶︾ ︽ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠳᠡ ᠶᠢᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠰᠢᠢᠳᠪᠤᠷᠢ ︵ᠲᠦᠰᠦᠯ︶︾ ᠶᠢ ᠪᠠᠳᠤᠯᠠᠵᠦ᠂ ᠪᠠᠳᠤᠯᠠᠬᠰᠠᠨ ᠤ ᠲᠠᠷᠠᠭᠠᠭᠢ ᠰᠢᠢᠳᠪᠤᠷᠢ ᠶᠢᠨ ᠲᠦᠰᠦᠯ ᠤᠳ ᠢ | ᠲᠠᠷᠤᠮᠠᠯᠯᠠᠨ ᠪᠦᠭᠦ ᠲᠦᠯᠦᠭᠡᠯᠡᠭᠴᠢᠳ ᠲᠤ ᠲᠠᠷᠬᠠᠭᠠᠵᠦ ᠬᠢᠨᠠᠨ ᠵᠦᠪᠯᠡᠭᠦᠯᠦᠭᠰᠡᠨ ᠤ ᠲᠠᠷᠠᠭ᠎ᠠ ᠶᠡᠭᠡ ᠬᠤᠷᠠᠯ ᠳᠤ | ᠲᠡᠪᠰᠢᠭᠦᠯᠵᠦ ᠪᠠᠳᠤᠯᠠᠭᠤᠯᠬᠤ ᠪᠠᠷ ᠲᠤᠬᠳᠠᠪᠠ᠃ |