ᠤᠯᠠᠭᠠᠨᠬᠠᠳᠠ ᠬᠤᠲᠠ 40.63 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠵᠢᠭᠡᠯᠡᠯᠭᠡ ᠲᠠᠯᠪᠢᠪᠠ
ᠨᠡᠶᠢᠲᠡᠯᠡᠭᠰᠡᠨ ᠴᠠᠭ᠄
2018/1/4
     2017 ᠣᠨ ᠳᠤ᠂ ᠤᠯᠠᠭᠠᠨᠬᠠᠳᠠ ᠬᠤᠲᠠ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠨᠡᠮᠡᠭᠳᠡᠭᠦᠯᠵᠦ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠵᠢᠭᠡᠯᠡᠯᠭᠡ ᠶᠢ 40.63 ᠳ᠋ᠦᠩᠰᠢᠭᠤᠷ ᠲᠥᠭᠦᠷᠢᠭ ᠲᠠᠯᠪᠢᠪᠠ᠃ ᠡᠭᠦᠨ ᠳᠤ᠄ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠳᠤ 11.6 ᠳ᠋ᠦᠩᠰᠢᠭᠤᠷ ᠲᠦᠬᠦᠷᠢᠭ ᠤᠨ ᠵᠢᠭᠡᠯᠡᠯᠭᠡ ᠶᠢ ᠰᠢᠨ᠎ᠡ ᠪᠠᠷ ᠲᠠᠯᠪᠢᠵᠤ ︵ᠶᠠᠳᠠᠭᠤ ᠬᠦᠴᠢᠷᠳᠡᠯ ᠲᠠᠢ ᠡᠷᠦᠬᠡ ᠶᠢᠨ ᠵᠢᠭᠡᠯᠡᠯᠭᠡ 3.24 ᠳ᠋ᠦᠩᠰᠢᠭᠤᠷ ᠲᠥᠭᠦᠷᠢᠭ ᠲᠠᠯᠪᠢᠵᠤ᠂ ᠶᠠᠳᠠᠭᠤ ᠬᠦᠴᠢᠷᠳᠡᠯᠲᠡᠶ 8329 ᠡᠷᠦᠬᠡ 19095 ᠬᠥᠮᠦᠨ ᠢ ᠬᠠᠮᠤᠷᠪᠠ︶᠂ ᠪᠦᠬᠦ ᠵᠢᠯ ᠤᠨ 10 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ ᠨᠢ 34 .3%᠎ ᠳᠤ ᠬᠦᠷᠴᠦ᠂ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ 3.3 ᠵᠠᠭᠤᠨ ᠤ ᠴᠡᠭ ᠦᠨᠳᠦᠷ ᠪᠣᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠴᠤᠭᠯᠠᠭᠤᠯᠬᠤ ᠠᠷᠭ᠎ᠠ ᠮᠠᠶ᠋ᠢᠭ ᠢ ᠰᠢᠨ᠎ᠡ ᠪᠠᠷ ᠡᠭᠦᠳᠴᠦ᠂  ᠲᠠᠷᠢᠶᠠᠯᠠᠩ ᠤᠨ ᠬᠥᠭᠵᠢᠯᠲᠡ ᠶᠢᠨ ᠪᠠᠩᠬᠢ ᠶᠢᠨ 5 ᠳ᠋ᠦᠩᠰᠢᠭᠤᠷ ᠲᠥᠭᠦᠷᠢᠭ ᠤᠨ ᠪᠡᠯᠡᠳᠬᠡᠮᠵᠢ ᠳᠤ ᠲᠠᠷᠢᠶᠠᠯᠠᠩ ᠤᠨ ᠵᠢᠭᠡᠯᠡᠯᠭᠡ ᠶᠢ 2.6 ᠳ᠋ᠦᠩᠰᠢᠭᠤᠷ ᠲᠥᠭᠦᠷᠢᠭ ᠪᠠᠭᠤᠯᠭᠠᠪᠠ︔ 5 ᠳ᠋ᠦᠩᠰᠢᠭᠤᠷ ᠲᠥᠭᠦᠷᠢᠭ ᠭᠠᠭ᠋ᠠᠢ ᠶᠢᠨ ᠦᠢᠯᠡᠰ ᠤᠨ ᠶᠠᠳᠠᠭᠤ ᠶᠢ ᠳᠡᠳᠬᠦᠬᠦ ᠰᠠᠭᠤᠷᠢ ᠮᠥᠩᠭᠦ ᠪᠠᠷ ᠰᠠᠭᠤᠷᠢ ᠮᠥᠩᠭᠦ ᠶᠢᠨ ᠺᠣᠮᠫᠠᠨᠢ ᠳᠠᠩᠰᠠᠯᠠᠭᠤᠯᠤᠨ ᠪᠠᠶᠢᠭᠤᠯᠵᠤ᠂ ᠵᠠᠰᠠᠭ ᠤᠨ ᠣᠷᠳᠣᠨ ᠠᠴᠠ ᠪᠡᠯᠡ ᠮᠥᠩᠭᠦ ᠭᠤᠶᠤᠴᠢᠯᠠᠵᠤ ᠪᠤᠢ︔ 11 ᠳ᠋ᠦ᠋ᠭᠡᠷ ᠰᠠᠷ᠎ᠠ ᠶᠢᠨ 3᠎ ᠤ ᠡᠳᠦᠷ᠂ ᠬᠤᠳᠠ ᠶᠢᠨ ᠵᠠᠰᠠᠭ ᠤᠨ ᠣᠷᠳᠣᠨ ᠨᠢ ᠬᠤᠲᠠ ᠶᠢᠨ ᠠᠷᠠᠳ ᠤᠨ ᠡᠳ᠋ ᠬᠦᠷᠦᠩᠭᠡ ᠶᠢᠨ ᠳᠠᠭᠠᠳᠬᠠᠯ ᠯᠤᠭ᠎ᠠ ᠲᠠᠷᠢᠶᠠᠯᠠᠩ ᠢ ᠳᠡᠮᠵᠢᠬᠦ ᠪᠡᠯᠡ  ᠲᠣᠬᠢᠷᠠᠭᠤᠯᠭ᠎ᠠ ᠬᠢᠭᠡᠳ ᠠᠷᠠᠳ ᠤᠨ ᠠᠮᠢᠳᠤᠷᠠᠯ ᠤᠨ ᠲᠥᠷᠥᠯ ᠎ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠤᠯᠠᠭᠠᠨᠬᠠᠳᠠ ᠬᠤᠲᠠ ᠳᠤ ᠲᠦᠭᠡᠮᠡᠯ ᠠᠰᠢᠭ ᠬᠦᠷᠲᠡᠭᠡᠬᠦ ᠮᠥᠩᠭᠦᠨ ᠭᠦᠢᠯᠭᠡᠭᠡ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠳᠠᠭᠠᠳᠬᠠᠯ ᠵᠡᠷᠭᠡ 8 ᠵᠦᠢᠯ ᠤᠨ ᠲᠤᠬᠠᠶᠢᠯᠠᠭᠰᠠᠨ ᠠᠵᠢᠯ ᠦᠷᠨᠢᠭᠦᠯᠵᠦ᠂ 2020 ᠣᠨ ᠪᠣᠯᠬᠤ ᠳᠤ ᠬᠤᠲᠠ ᠶᠢᠨ ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠭᠤᠣᠯ ᠴᠣᠭᠴᠠ ᠳᠤ 10 ᠳ᠋ᠦᠩᠰᠢᠭᠤᠷ ᠲᠥᠭᠦᠷᠢᠭ ᠪᠡᠯᠡ ᠲᠤᠬᠢᠷᠠᠭᠤᠯᠭ᠎ᠠ ᠶᠢᠨ ᠳᠡᠮᠵᠢᠯᠭᠡ ᠦᠵᠡᠭᠦᠯᠬᠦ ᠪᠠᠷ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号