12 ᠳ᠋ᠤᠭᠠᠷ ᠰᠠᠷ᠎ᠠ ᠶᠢᠨ 28 ᠤ ᠡᠳᠦᠷ ᠠᠴᠠ 2018 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠤᠨ | ᠬᠤᠭᠤᠴᠠᠭᠠᠨ ᠳᠤ᠂ ᠮᠠᠨᠵᠤᠤᠷ ᠠᠴᠠ ᠬᠠᠶᠢᠯᠠᠷ ᠬᠦᠷᠬᠦ ᠬᠤᠳᠠ ᠶᠢᠨ ᠬᠤᠭᠤᠷᠣᠨᠳᠣᠬᠢ ᠭᠠᠯᠲᠤ ᠲᠡᠷᠭᠡ ᠶᠢ | ᠲᠤᠷᠰᠢᠯᠲᠠ ᠶᠢᠨ ᠴᠢᠨᠠᠷᠲᠠᠶ ᠨᠡᠪᠲᠡᠷᠡᠭᠦᠯᠦᠨ᠂ ᠪᠦᠬᠦ ᠠᠶᠠᠯᠠᠯ ᠳᠤ 1 ᠴᠠᠭ 41 ᠮᠢᠨᠦ᠋ᠲ ᠤᠨ ᠴᠠᠭ ᠬᠡᠷᠡᠭᠰᠡᠵᠦ᠂ | ᠪᠤᠰᠤᠳ ᠡᠭᠡᠯᠵᠢ ᠶᠢᠨ ᠭᠠᠯᠲᠤ ᠲᠡᠷᠭᠡ ᠲᠠᠢ ᠬᠠᠷᠢᠴᠠᠭᠤᠯᠪᠠᠯ ᠨᠠᠭᠠᠲᠤ ᠵᠠᠬ᠎ᠠ ᠳᠠᠭᠠᠨ 30 ᠮᠢᠨᠦ᠋ᠲ ᠤᠨ ᠴᠠᠭ | ᠠᠷᠪᠢᠯᠠᠬᠤ ᠪᠣᠯᠣᠨ᠎ᠠ᠃ | ᠲᠤᠰ ᠤᠳᠠᠭ᠎ᠠ ᠶᠢᠨ ᠨᠡᠪᠲᠡᠷᠡᠭᠦᠯᠦᠭᠰᠡᠨ ᠬᠤᠳᠠ ᠶᠢᠨ ᠬᠤᠭᠤᠷᠣᠨᠳᠣᠬᠢ ᠲᠤᠷᠰᠢᠯᠲᠠ ᠶᠢᠨ ᠴᠢᠨᠠᠷᠲᠠᠶ ᠭᠠᠯᠲᠤ | ᠲᠡᠷᠭᠡ ᠨᠢ ᠡᠳᠦᠷ ᠪᠦᠷᠢ ᠬᠤᠶᠠᠷ ᠤᠳᠠᠭ᠎ᠠ ᠨᠠᠰᠢ ᠴᠠᠰᠢ ᠠᠶᠠᠯᠠᠨ᠎ᠠ᠂ ᠲᠤᠰ ᠲᠤᠰ T5103᠂T5105 | ᠡᠭᠡᠯᠵᠢ ᠶᠢᠨ ᠭᠠᠯᠲᠤ ᠲᠡᠷᠭᠡ ᠨᠢ 12᠄43᠂ 15᠄06 ᠲᠤ ᠬᠠᠶᠢᠯᠠᠷ ᠥᠷᠲᠡᠭᠡ ᠠᠴᠠ ᠮᠠᠨᠵᠤᠤᠷ ᠥᠷᠲᠡᠭᠡ ᠵᠦᠭ | ᠠᠶᠠᠯᠠᠬᠤ ᠪᠠ T5104᠂T5106 ᠡᠭᠡᠯᠵᠢ ᠶᠢᠨ ᠭᠠᠯᠲᠤ ᠲᠡᠷᠭᠡ ᠨᠢ 6᠄42᠂ 14᠄55 ᠲᠤ ᠮᠠᠨᠵᠤᠤᠷ | ᠦᠷᠲᠡᠭᠡ ᠠᠴᠠ ᠬᠠᠶᠢᠯᠠᠷ ᠦᠷᠳᠡᠭᠡ ᠵᠦᠭ ᠠᠶᠠᠯᠠᠨ᠎ᠠ᠂ ᠥᠷᠥᠭᠡᠯ ᠵᠠᠮ ᠤᠨ ᠪᠢᠯᠧᠲ ᠤᠨ ᠦᠨ᠎ᠡ ᠨᠢ 28.5 | ᠲᠥᠭᠦᠷᠢᠭ ᠪᠠᠶᠢᠵᠤ᠂ ᠪᠤᠰᠤᠳ ᠭᠠᠯᠲᠤ ᠲᠡᠷᠭᠡ ᠶᠢᠨ ᠪᠢᠯᠧᠲ ᠤᠨ ᠦᠨ᠎ᠡ ᠲᠠᠢ ᠦᠨᠳᠦᠰᠦᠨ ᠳᠡᠭᠡᠨ ᠠᠳᠠᠯᠢ ᠪᠠᠶᠢᠨ᠎ᠠ᠃ | ᠬᠤᠳᠠ ᠶᠢᠨ ᠬᠤᠭᠤᠷᠣᠨᠳᠣᠬᠢ ᠭᠠᠯᠲᠤ ᠲᠡᠷᠭᠡ ᠭᠡᠳᠡᠭ ᠨᠢ ᠬᠤᠶᠠᠷ ᠬᠥᠷᠰᠢ ᠵᠡᠷᠭᠡᠯᠡᠳᠡᠭᠡ ᠬᠤᠲᠠ ᠶᠢᠨ | ᠬᠤᠭᠤᠷᠣᠨᠳᠣᠬᠢ ᠤᠯᠠᠨ ᠡᠭᠡᠯᠵᠢ ᠤᠳᠠᠭ᠎ᠠ ᠶᠢᠨ ︽ᠨᠡᠶᠢᠲᠡ ᠶᠢᠨ ᠮᠠᠰᠢᠨ︾ ᠤ ᠬᠠᠨᠳᠤᠰᠢᠲᠤ ᠳᠤᠮᠳᠠ ᠪᠠᠭ᠎ᠠ | ᠬᠡᠯᠪᠡᠷᠢ ᠶᠢᠨ ᠣᠬᠤᠷ ᠵᠠᠮ ᠤᠨ ᠠᠶᠠᠨᠴᠢᠳ ᠤᠨ ᠭᠠᠯᠲᠤ ᠲᠡᠷᠭᠡ ᠶᠢ ᠵᠢᠭᠠᠨ᠎ᠠ᠃ ᠲᠤᠰ ᠤᠳᠠᠭ᠎ᠠ ᠶᠢᠨ ︽ᠬᠠᠶᠢᠯᠠᠷ | — ᠮᠠᠨᠵᠤᠤᠷ︾ ᠬᠤᠳᠠ ᠶᠢᠨ ᠬᠤᠭᠤᠷᠣᠨᠳᠣᠬᠢ ᠭᠠᠯᠲᠤ ᠲᠡᠷᠭᠡ ᠶᠢ ᠲᠤᠷᠰᠢᠨ ᠠᠶᠠᠯᠠᠭᠤᠯᠤᠭᠰᠠᠨ ᠶᠠᠪᠤᠳᠠᠯ ᠨᠢ᠂ | ᠮᠠᠨᠵᠤᠤᠷ ᠬᠤᠲᠠ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠢᠳᠡᠪᠬᠢᠲᠡᠶ ᠨᠡᠪᠲᠡᠷᠡᠯᠴᠡᠨ᠂ ᠮᠠᠨᠵᠤᠤᠷ ᠠᠴᠠ ᠬᠠᠶᠢᠯᠠᠷ | ᠬᠦᠷᠬᠦ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠲᠦᠷᠦᠯ ᠵᠦᠢᠯ ᠤᠨ ᠠᠵᠢᠯ ᠢ ᠪᠦᠬᠦ ᠬᠦᠴᠦ ᠪᠠᠷ ᠢᠶᠠᠨ | ᠠᠬᠢᠭᠤᠯᠤᠭᠠᠳ ᠣᠯᠤᠭᠰᠠᠨ ᠠᠮᠵᠢᠯᠲᠠ ᠪᠦᠲᠦᠮᠵᠢ ᠪᠣᠯᠣᠨ᠎ᠠ᠃ ᠲᠤᠰ ᠤᠳᠠᠭ᠎ᠠ ᠶᠢᠨ ᠲᠤᠷᠰᠢᠯᠲᠠ ᠶᠢᠨ ᠴᠢᠨᠠᠷᠲᠠᠶ | ᠲᠡᠷᠭᠡ ᠨᠡᠪᠲᠡᠷᠡᠭᠦᠯᠦᠭᠡᠳ ᠴᠤᠭᠯᠠᠭᠤᠯᠤᠭᠰᠠᠨ ᠪᠣᠳᠠᠲᠠᠶ ᠲᠤᠭ᠎ᠠ ᠪᠠᠷᠢᠮᠲᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠭᠦᠯᠬᠦ ᠪᠣᠳᠠᠲᠠᠶ ᠲᠥᠰᠦᠯ ᠢ ᠭᠦᠨᠵᠡᠭᠡᠶ ᠰᠣᠳᠤᠯᠤᠨ᠂ | ᠠᠯᠬᠤᠮ ᠠᠯᠬᠤᠮ ᠢᠶᠠᠷ ᠨᠠᠷᠢᠯᠢᠬᠵᠢᠭᠤᠯᠤᠨ ᠪᠥᠷᠢᠨᠰᠢᠭᠦᠯᠬᠦ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠵᠦ᠂ | ᠡᠴᠦᠰ ᠲᠡᠭᠡᠨ ᠣᠳᠣᠬᠢ ᠱᠤᠭᠤᠮ ᠢ ᠥᠭᠡᠷᠡᠴᠢᠯᠡᠨ ᠰᠠᠶᠢᠵᠢᠷᠠᠭᠤᠯᠵᠤ᠂ ᠬᠤᠷᠳᠤᠴᠠ ᠶᠢ ᠨᠡᠮᠡᠭᠳᠡᠭᠦᠯᠬᠦ ᠬᠠᠷᠠᠯᠲᠠ ᠪᠠᠨ | ᠪᠡᠶᠡᠯᠡᠭᠦᠯᠬᠦ ᠪᠣᠯᠣᠨ᠎ᠠ᠃ | |