ᠦᠢᠷ᠎ᠠ ᠶᠢᠨ ᠡᠳᠦᠷ᠂ ᠠᠷᠠᠳ ᠤᠨ ᠰᠦᠯᠵᠢᠶ᠎ᠡ ᠪᠣᠯᠣᠨ ᠲᠦᠩᠯᠢᠶᠣᠤ ᠬᠤᠲᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ ᠬᠤᠶᠠᠷ ᠲᠠᠯ᠎ᠠ ᠪᠠᠷ ᠢᠶᠠᠨ | ᠲᠦᠩᠯᠢᠶᠣᠤ ᠬᠤᠲᠠ ᠶᠢᠨ ᠴᠢᠬᠤᠯᠠ ᠶᠡᠭᠡ ᠤᠬᠠᠭᠤᠯᠭ᠎ᠠ᠂ ᠨᠡᠶᠢᠯᠡᠯ ᠵᠠᠭᠤᠴᠢᠯᠠᠭᠤᠷ ᠤᠨ ᠪᠠᠶᠢᠭᠤᠯᠤᠯᠲᠠ ᠵᠢᠴᠢ | ᠡᠵᠡᠩᠨᠡᠯᠲᠡ ᠶᠢᠨ ᠳᠡᠮᠵᠢᠯᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ᠂ ᠰᠢᠨ᠎ᠡ ᠵᠠᠭᠤᠴᠢᠯᠠᠭᠤᠷ ᠤᠨ | ᠣᠶᠤᠨ ᠤ ᠬᠥᠮᠥᠷᠭᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠤ᠂ ᠰᠦᠯᠵᠢᠶᠡᠨ ᠳᠡᠭᠡᠷ᠎ᠡ ᠤᠯᠠᠮᠵᠢᠯᠠᠨ ᠳᠡᠯᠭᠡᠷᠡᠭᠦᠯᠬᠦ | ᠪᠠ ᠰᠦᠯᠵᠢᠶᠡᠨ ᠠᠴᠠ ᠭᠠᠳᠠᠨᠠᠬᠢ ᠠᠵᠢᠯᠯᠠᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ᠃ ᠲᠤᠰ ᠤᠳᠠᠭᠠᠨ ᠤ | ᠪᠠᠶᠢᠯᠳᠤᠬᠤ ᠪᠤᠳᠤᠯᠭ᠎ᠠ ᠶᠢᠨ ᠵᠥᠪᠳᠡᠯᠴᠡᠭᠡᠷ ᠲᠣᠭᠲᠠᠭᠰᠠᠨ ᠤ ᠳᠠᠷᠠᠭ᠎ᠠ᠂ ᠠᠷᠠᠳ ᠤᠨ ᠰᠦᠯᠵᠢᠶ᠎ᠡ ᠨᠢ ᠲᠦᠩᠯᠢᠶᠣᠤ | ᠬᠤᠳᠠ ᠶᠢᠨ ᠳᠥᠷᠢ ᠲᠥᠷᠬᠦ ᠪᠣᠯᠣᠨ ᠨᠡᠷᠡᠲᠦ ᠲᠡᠮᠳᠡᠭᠲᠦ ᠶᠢ ᠪᠣᠢ ᠪᠣᠯᠭᠠᠬᠤ ᠶᠢᠨ ᠬᠠᠮᠲᠤ ᠲᠦᠩᠯᠢᠶᠣᠤ ᠬᠤᠲᠠ ᠶᠢᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦ ᠨᠡᠮᠡᠷᠢᠯᠡᠬᠦ ᠪᠣᠯᠣᠨ᠎ᠠ᠃ | |