ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠡᠷᠡᠭᠵᠢᠬᠦᠯᠬᠦ ᠲᠦᠰᠦᠯ ᠲᠤᠭᠳᠠᠭᠠᠵᠥ ᠬᠡᠯᠪᠡᠷᠢᠴᠢ ᠦᠵᠡᠯ ᠨᠤᠶᠠᠨᠴᠢ ᠰᠤᠷᠳᠠᠯ ᠤᠨ ︽ᠠᠷᠪᠠᠨ ᠵᠦᠢᠯ ᠤᠨ ᠢᠯᠡᠷᠡᠯ︾᠎ ᠢ ᠲᠦᠪᠯᠡᠷᠡᠬᠦᠯᠥᠨ ᠴᠡᠭᠴᠡᠯᠡᠨ ᠵᠠᠰᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/1/5
     1 ᠳ᠋ᠦ᠋ᠭᠡᠷ ᠰᠠᠷ᠎ᠠ ᠶᠢᠨ 2᠎ ᠤᠨ ᠡᠳᠤᠷ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︽2018 ᠣᠨ ᠳᠤ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ︿ᠠᠷᠪᠠᠨ ᠵᠦᠢᠯ ᠤᠨ ᠢᠯᠡᠷᠡᠯ﹀᠎ ᠢ ᠲᠦᠪᠯᠡᠷᠡᠬᠦᠯᠥᠨ ᠴᠡᠭᠴᠡᠯᠡᠨ ᠵᠠᠰᠠᠬᠤ ᠬᠡᠷᠡᠭᠵᠢᠬᠦᠯᠬᠦ ᠲᠦᠰᠦᠯ︾᠎ ᠢ ᠲᠠᠷᠤᠮᠠᠯᠯᠠᠨ ᠲᠠᠷᠬᠠᠭᠠᠵᠥ᠂ ᠪᠦᠬᠦ ᠤᠷᠤᠨ ᠤ ᠬᠡᠪᠴᠢᠶᠡᠨ ᠳᠤ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ︿ᠠᠷᠪᠠᠨ ᠵᠦᠢᠯ ᠤᠨ ᠢᠯᠡᠷᠡᠯ﹀᠎ ᠢ ᠲᠦᠪᠯᠡᠷᠡᠬᠦᠯᠥᠨ ᠴᠡᠭᠴᠡᠯᠡᠨ ᠵᠠᠰᠠᠵᠥ᠂ ᠰᠤᠷᠳᠠᠯ ᠤᠨ ᠪᠠᠶᠢᠭᠤᠯᠤᠯᠳᠠ ᠶᠢᠨ ᠦᠷ᠎ᠡ ᠪᠦᠳᠦᠭᠡᠯ ᠢ ᠲᠠᠰᠤᠷᠠᠯᠳᠡ ᠦᠭᠡᠢ ᠪᠠᠬᠢᠵᠢᠬᠦᠯᠥᠨ ᠬᠦᠨᠵᠡᠬᠡᠶᠢᠷᠡᠬᠦᠯᠵᠥ᠂ ᠰᠤᠷᠳᠠᠯ ᠤᠨ ᠪᠠᠶᠢᠭᠤᠯᠤᠯᠳᠠ ᠶᠢᠨ ᠰᠢᠨ᠎ᠡ ᠦᠷ᠎ᠡ ᠪᠦᠳᠦᠮᠵᠢ ᠪᠠᠷ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠥᠨ ᠰᠡᠷᠬᠦᠬᠡᠵᠥ᠂ ᠨᠡᠶᠢᠬᠡᠮ ᠤᠨ ᠬᠡᠪ ᠰᠤᠷᠳᠠᠯ ᠤᠨ ᠤᠯᠠᠮ ᠴᠢᠨᠠᠭᠰᠢᠳᠠ ᠰᠠᠶᠢᠵᠢᠷᠠᠬᠤ ᠶᠢ ᠠᠬᠢᠭᠤᠯᠬᠤ ᠪᠠᠷ ᠪᠤᠯᠪᠠ᠃      ︽ᠲᠦᠰᠦᠯ︾᠎ ᠳᠤ᠂ ᠲᠦᠪᠯᠡᠷᠡᠬᠦᠯᠥᠨ ᠴᠡᠭᠴᠡᠯᠡᠨ ᠵᠠᠰᠠᠬᠤ ᠠᠵᠢᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ᠂ ᠵᠠᠰᠠᠭ ᠤᠨ ᠤᠷᠳᠤᠨ ᠤ ᠪᠡᠯᠡ ᠮᠥᠩᠬᠦ ᠶᠢᠨ ᠬᠠᠮᠢᠶᠠᠷᠤᠯᠳᠡ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ᠂ ᠦᠨᠳᠦᠰᠦᠨ ᠱᠠᠳᠤᠨ ᠤ ᠨᠡᠶᠢᠬᠡᠮ ᠤᠨ ᠬᠠᠮᠢᠶᠠᠷᠤᠯᠳᠡ ᠵᠡᠷᠬᠡ ᠲᠠᠪᠤᠨ ᠶᠡᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠬᠦᠯᠵᠥ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠲᠤᠬᠠᠢ ᠲᠤᠬᠢᠷᠠᠭᠤᠯᠤᠯᠳᠡ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠠ ᠦᠭᠡᠢ᠂ ᠠᠵᠢᠯ ᠢᠶᠠᠨ ᠯᠠᠪᠳᠠᠭᠤᠨ ᠪᠠᠳᠤᠳᠠᠢ ᠬᠢᠭᠰᠡᠡ ᠦᠭᠡᠢ᠂ ᠲᠤᠭ᠎ᠠ ᠪᠠᠷ ᠶᠠᠳᠠᠭᠤ ᠠᠴᠠ ᠠᠩᠬᠢᠵᠢᠷᠠᠭᠤᠯᠤᠭᠰᠠᠠ᠂ ᠲᠠᠩᠰᠠ ᠪᠠᠷ ᠶᠠᠳᠠᠭᠤ ᠠᠴᠠ ᠠᠩᠬᠢᠵᠢᠷᠠᠭᠤᠯᠤᠭᠰᠠᠠ᠂ ᠰᠠᠨᠠᠭᠠᠴᠢᠯᠠᠭ᠎ᠠ ᠦᠭᠡᠢ ᠶᠠᠳᠠᠭᠤ ᠠᠴᠠ ᠠᠩᠬᠢᠵᠢᠷᠠᠭᠤᠯᠤᠭᠰᠠᠠ ᠵᠡᠷᠬᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠡ︔ ᠴᠠᠭ ᠤᠨ ᠱᠠᠭᠠᠷᠳᠠᠯᠭ᠎ᠠ ᠶᠢᠨ ᠶᠤᠰᠤᠭᠠᠷ ᠢᠳᠡᠪᠬᠢᠳᠡᠢ ᠪᠦᠳᠦᠮᠵᠢᠳᠠᠢ ᠠᠷᠭ᠎ᠠ ᠬᠡᠮᠵᠢᠶ᠎ᠡ ᠶᠢ ᠭᠡᠷᠡᠭᠯᠡᠵᠤ ᠪᠠᠶᠢᠭᠠᠤᠨ ᠬᠠᠭᠤᠴᠢᠨ ᠦᠷᠢ ᠶᠢ ᠠᠷᠢᠯᠭᠠᠭᠰᠠᠠ ᠦᠭᠡᠢ᠂ ᠳᠠᠷᠠᠭ᠎ᠠ ᠵᠢᠯ ᠤᠨ ᠬᠢ ᠪᠠᠨ ᠡᠨᠡ ᠵᠢᠯ ᠬᠡᠷᠡᠭᠯᠡᠭᠰᠡᠨ᠂ ᠯᠤᠳᠤ ᠶᠡᠭᠡ ᠪᠡᠯᠡ ᠲᠣᠬᠢᠷᠠᠭᠤᠯᠭ᠎ᠠ ᠬᠢᠭᠰᠡᠨ᠂ ᠪᠤᠳᠠᠳᠠᠢ ᠪᠠᠶᠢᠳᠠᠯ ᠳᠤ ᠨᠡᠶᠢᠴᠡᠭᠦ ᠦᠭᠡᠢ ᠪᠠᠷ ᠰᠤᠬᠤᠷ ᠪᠠᠯᠠᠢ ᠪᠠᠷ ᠲᠦᠷᠦᠯ ᠵᠦᠢᠯ ᠢ ᠡᠬᠢᠯᠡᠭᠦᠯᠦᠭᠰᠡᠨ᠂ ᠦᠷᠢ ᠦᠭᠴᠡᠭᠡᠨ ᠤ ᠲᠦᠭᠰᠢᠭᠦᠷᠢ ᠶᠢᠨ ᠡᠵᠡᠮᠳᠡᠯ ᠢ ᠠᠯᠳᠠᠭᠰᠠᠨ ᠵᠡᠷᠭᠡ ᠠᠰᠠᠭᠤᠳᠠᠯ ᠢ ᠪᠠᠶᠢᠴᠠᠭᠠᠨ ᠰᠢᠢᠳᠭᠡᠨ᠎ᠡ︔ ᠡᠳ᠋ ᠤᠨ ᠵᠠᠰᠠᠭ ᠤᠨ ᠬᠠᠭᠤᠷᠮᠠᠭ ᠢᠶᠠᠷ ᠨᠡᠮᠡᠭᠳᠡᠵᠤ ᠬᠤᠭᠤᠰᠤᠨ ᠎ ᠢᠶᠠᠷ ᠡᠷᠬᠢᠭᠰᠡᠨ᠂ ᠠᠵᠤ ᠠᠬᠤᠢ ᠶᠢᠨ ᠪᠦᠷᠢᠳᠭᠡᠯ ᠤᠨ ᠲᠤᠭ᠎ᠠ ᠪᠠᠷᠢᠮᠳᠡ ᠶᠢ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠲᠤᠷ᠎ᠠ ᠪᠠᠷ ᠢᠶᠠᠨ ᠭᠠᠵᠠᠷ ᠰᠢᠷᠤᠢ ᠶᠢ ᠰᠢᠯᠵᠢᠭᠦᠯᠦᠨ ᠦᠭᠭᠦ ᠮᠥᠩᠭᠦ ᠶᠢ ᠬᠠᠰᠤᠵᠤ ᠬᠡᠯᠲᠦᠷᠢᠭᠦᠯᠦᠭᠰᠡᠨ᠂ ᠪᠠᠷᠢᠯᠭ᠎ᠠ ᠶᠢᠨ ᠪᠠᠶᠢᠭᠤᠯᠤᠬᠰᠡᠨ ᠵᠤᠭᠤᠰ ᠢ ᠬᠢᠨᠡᠨ ᠬᠠᠰᠤᠭᠰᠠᠠ᠂ ᠲᠤᠭᠳᠠᠭᠠᠯ ᠠᠴᠠ ᠵᠦᠷᠢᠴᠡᠵᠤ ᠦᠨᠳᠤᠷ ᠦᠨ᠎ᠡ ᠪᠠᠷ ᠭᠠᠵᠠᠷ ᠰᠢᠷᠤᠢ ᠶᠢ ᠰᠢᠯᠵᠢᠭᠦᠯᠦᠨ ᠦᠭᠭᠦ ᠡᠷᠭᠡ᠂ ᠠᠭᠤᠷᠬᠠᠢ ᠬᠠᠶᠢᠬᠤ ᠡᠷᠭᠡ᠂ ᠡᠵᠡᠩᠨᠡᠯᠳᠡ ᠶᠢᠨ ᠡᠷᠭᠡ ᠶᠢ ᠡᠭᠡᠭᠦᠯᠦᠨ ᠬᠤᠷᠢᠶᠠᠭᠰᠠᠠ᠂ ᠤᠯᠤᠰ ᠤᠨ ᠦᠮᠴᠢᠯᠡᠯ ᠤᠨ ᠪᠡᠯᠡ ᠭᠦᠷᠦᠩᠭᠡ ᠳᠤ ᠬᠤᠬᠢᠷᠠᠯ ᠤᠴᠠᠷᠠᠭᠤᠯᠤᠬᠰᠠᠨ ᠵᠡᠷᠭᠡ ᠠᠰᠠᠭᠤᠳᠠᠯ  ᠢ ᠪᠠᠶᠢᠴᠠᠭᠠᠨ ᠰᠢᠢᠳᠭᠡᠨ᠎ᠡ︔ ᠨᠠᠮ ᠤᠨ ᠤᠬᠠᠮᠰᠠᠷ᠂ ᠨᠠᠮ ᠤᠨ ᠬᠡᠰᠢᠭᠦᠨ ᠤ ᠤᠬᠠᠮᠰᠠᠷ ᠰᠤᠯᠠᠷᠠᠭᠰᠠᠠ᠂ ᠨᠠᠮ ᠤᠨ ᠵᠤᠷᠢᠯᠲᠠ ᠶᠢ ᠲᠤᠷ᠎ᠠ ᠪᠠᠷ ᠢᠶᠠᠨ ᠦᠨᠡᠯᠡᠭᠰᠡᠨ᠂ ᠨᠠᠮ ᠤᠨ ᠲᠤᠲᠤᠭᠠᠲᠥ ᠳᠤ ᠵᠠᠷᠴᠢᠮ ᠦᠭᠡᠢ ᠪᠠᠷ ︽ᠡᠪ ᠨᠠᠶᠢᠷ︾ ᠬᠠᠷᠠᠭᠰᠠᠨ᠂ ᠰᠤᠷᠤᠯᠴᠠᠯᠭ᠎ᠠ ᠬᠦᠮᠤᠵᠢᠯ᠂ ᠠᠷᠠᠳᠴᠢᠯᠠᠬᠰᠡᠨ ᠠᠮᠢᠳᠤᠷᠠᠯ ᠤᠨ ᠬᠤᠷᠠᠯ᠂ ︽ᠭᠤᠷᠪᠡᠨ ᠬᠤᠷᠠᠯ ᠨᠢᠭᠡ ᠬᠢᠴᠢᠶᠡᠯ︾᠎ ᠢ ᠬᠤᠳᠠᠯ ᠬᠠᠭᠤᠷᠮᠠᠭᠯᠠᠭᠰᠠᠠ ᠵᠡᠷᠭᠡ ᠠᠰᠠᠭᠤᠳᠠᠯ  ᠢ ᠪᠠᠶᠢᠴᠠᠭᠠᠨ ᠰᠢᠢᠳᠭᠡᠨ᠎ᠡ︔ ᠦᠨᠳᠤᠰᠤᠨ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠪᠡ ᠨᠠᠮ ᠤᠨ ᠬᠡᠰᠢᠭᠦᠨ ᠺᠡᠳ᠋ᠷ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠡ ᠳᠤ ᠬᠤᠯᠪᠤᠭᠳᠠᠬᠰᠡᠨ ᠠᠰᠠᠭᠤᠳᠠᠯ ᠳᠡᠭᠡᠷ᠎ᠡ᠂ ᠭᠦᠢᠳᠡᠮᠰᠦᠭ ᠤᠪᠤᠷ ᠠᠪᠴᠤ ᠪᠠᠶᠢᠭᠰᠠᠨ᠂ ᠲᠡᠤᠭᠡᠨ ᠠᠴᠠ ᠥᠯᠡᠲᠡᠭᠲᠡᠵᠥ ᠢᠷᠡᠭᠰᠡᠨ ᠠᠰᠠᠭᠤᠳᠠᠯ ᠢ ᠤᠷᠳᠤ ᠬᠤᠭᠤᠴᠠᠭ᠎ᠠ ᠪᠠᠷ ᠰᠢᠢᠳᠪᠦᠷᠢᠯᠡᠵᠤ ᠴᠢᠳᠠᠭ᠎ᠠ ᠦᠭᠡᠢ ᠵᠡᠷᠭᠡ ᠠᠰᠠᠭᠤᠳᠠᠯ ᠢ ᠪᠠᠶᠢᠴᠠᠭᠠᠨ ᠰᠢᠢᠳᠭᠡᠨ᠎ᠡ᠃ ᠡᠭᠦᠨ ᠠᠴᠠ ᠭᠠᠳᠠᠨ᠎ᠡ᠂ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠨᠢ ᠪᠡᠰᠡ ᠠᠵᠢᠯᠯᠠᠬᠤ ᠦᠭᠡᠢ᠂ ᠬᠠᠭᠤᠷᠮᠠᠭ ᠢᠶᠠᠷ ᠠᠵᠢᠯᠯᠠᠬᠤ᠂ ᠲᠤᠷ᠎ᠠ ᠪᠠᠷ ᠢᠶᠠᠨ ᠠᠵᠢᠯᠯᠠᠬᠤ᠂ ᠤᠳᠠᠭᠠᠨ ᠠᠵᠢᠯᠯᠠᠬᠤ ᠲᠦᠷᠪᠡᠨ ᠵᠦᠢᠯ ᠤᠨ ᠠᠵᠢᠯᠯᠠᠭ᠎ᠠ ᠶᠢ ᠲᠦᠪ ᠴᠢᠩᠭ᠎ᠠ ᠪᠠᠷ ᠪᠠᠶᠢᠴᠠᠭᠠᠨ ᠰᠢᠢᠳᠭᠡᠨ᠎ᠡ ᠭᠡᠵᠤ ᠵᠢᠭᠠᠵᠤ ᠭᠠᠷᠭᠠᠪᠡ᠃      ︽ᠲᠦᠰᠦᠯ︾᠎ ᠳᠤ᠂ ᠲᠤᠰ ᠤᠳᠠᠭᠠᠨ ᠤ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ 2018 ᠣᠨ ᠤ 1 ᠳ᠋ᠦ᠋ᠭᠡᠷ ᠰᠠᠷ᠎ᠡ ᠶᠢᠨ ᠰᠡᠭᠦᠯᠴᠢ ᠠᠴᠠ 12 ᠳ᠋ᠤᠭᠠᠷ ᠰᠠᠷ᠎ᠡ ᠭᠦᠷᠳᠡᠯ᠎ᠡ ᠦᠷᠭᠦᠯᠵᠢᠯᠡᠵᠤ᠂ ᠢᠯᠡᠴᠢᠯᠡᠨ ᠮᠡᠳᠡᠭᠦᠯᠭᠦ ᠶᠢ ᠭᠦᠯᠢᠶᠡᠨ ᠠᠪᠴᠤ ᠰᠢᠢᠳᠪᠦᠷᠢᠯᠡᠭᠦ᠂ ᠢᠯᠠ ᠪᠠᠷ ᠪᠠᠶᠢᠴᠠᠭᠠᠵᠤ ᠲᠠᠯᠳᠠᠭᠤᠷ ᠦᠢᠯᠠᠭᠠᠬᠤ᠂ ᠳ᠋ᠤᠭᠠᠷᠯᠠᠨ ᠱᠠᠭᠠᠷᠲᠠᠨ ᠬᠢᠭᠦ᠂ ᠲᠦᠷᠭᠡᠨ ᠪᠠᠶᠢᠴᠠᠭᠠᠵᠤ ᠬᠤᠷᠳᠤᠨ ᠰᠢᠢᠳᠪᠦᠷᠢᠯᠡᠭᠦ᠂ ᠲᠤᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ᠂ ᠵᠠᠷᠯᠠᠨ ᠮᠡᠳᠡᠭᠳᠡᠵᠤ ᠢᠯᠡᠴᠢᠯᠡᠭᠦ᠂ ᠬᠠᠷᠢᠭᠤᠴᠠᠯᠭ᠎ᠠ ᠨᠡᠭᠡᠮᠵᠢᠯᠡᠵᠤ ᠬᠠᠷᠢᠭᠤᠴᠠᠯᠭ᠎ᠠ ᠲᠤᠯᠭᠠᠬᠤ ᠵᠡᠷᠭᠡ ᠠᠷᠭ᠎ᠠ ᠬᠡᠯᠪᠡᠷᠢ ᠪᠠᠷ ᠵᠤᠬᠢᠶᠡᠨ ᠪᠠᠶᠢᠭᠤᠯᠵᠤ ᠭᠡᠷᠡᠭᠵᠢᠭᠦᠯᠦᠨ᠎ᠡ ᠭᠡᠵᠦ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号