ᠪᠠᠶᠠᠷ ᠤᠨ ᠮᠡᠳᠡᠭᠡ︕ ᠥᠪᠥᠷ ᠮᠣᠩᠭᠤᠯ ᠤᠨ 1 ᠲᠥᠷᠥᠯ ᠵᠦᠶᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2018/1/9
     1 ᠳ᠋ᠤᠭᠡᠷ ᠰᠠᠷ᠎ᠠ ᠶᠢᠨ 8᠎ ᠤ ᠡᠳᠦᠷ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠭᠤᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠳ᠋ᠠ ᠳᠠᠩ ᠤᠯᠠᠨ ᠤᠯᠤᠰ ᠤᠨ ᠳᠠᠬᠢᠨ ᠡᠭᠦᠰᠴᠦ ᠪᠤᠯᠬᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠬᠢᠭᠡᠳ ᠳ᠋ᠠ ᠲᠠᠩ ᠤᠯᠠᠨ ᠤᠯᠤᠰ ᠤᠨ ᠴᠠᠬᠢᠯᠭᠠᠨ ᠭᠠᠷᠭᠠᠬᠤ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠪᠡᠶᠡᠯᠡᠭᠦᠯᠦᠭᠰᠡᠨ ︽ᠬᠦᠡᠭᠭᠡᠨᠴᠠᠭᠠᠨ ᠶᠡᠬᠡᠲᠡᠶ ᠨᠤᠨᠲᠠᠭ ᠨᠡᠭᠦᠷᠡᠰᠦ ᠠᠴᠠ ᠢᠰᠦᠯᠳᠦᠭᠰᠡᠨ ᠬᠦᠡᠭᠭᠡᠨᠴᠠᠭᠠᠨ ᠢ ᠭᠠᠷᠭᠠᠵᠤ ᠠᠪᠬᠤ ᠬᠠᠮᠲᠤᠷᠠᠨ ᠦᠢᠯᠡᠳᠪᠦᠷᠢᠯᠡᠬᠦ ᠮᠡᠷᠭᠡᠵᠢᠯ ᠤᠨ ᠨᠡᠭᠡᠭᠡᠨ ᠬᠦᠭᠵᠢᠬᠦᠯᠦᠯᠲᠡ ᠪᠤᠯᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ︾᠎ ᠨᠢ 2017 ᠣᠨ ᠤ ᠤᠯᠤᠰ ᠤᠨ ᠰᠢᠨᠵᠢᠯᠡᠬᠦ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠬᠦᠷᠲᠡᠪᠡ᠃      ᠲᠤᠰ ᠲᠦᠷᠦᠯ ᠵᠦᠢᠯ ᠨᠢ ᠤᠯᠠᠮᠵᠢᠯᠠᠯᠲᠤ ᠨᠤᠨᠲᠠᠭ ᠨᠡᠭᠦᠷᠡᠰᠦᠨ ᠤ ᠦᠨᠡᠰᠦ ᠶᠢ ᠠᠰᠢᠭᠯᠠᠬᠤ ᠰᠡᠳᠬᠢᠴᠡ ᠶᠢ ᠲᠡᠪᠴᠢᠵᠤ᠂  ᠬᠦᠡᠭᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢᠨ ᠳᠣᠲᠣᠷᠠᠬᠢ ᠦᠨ᠎ᠡ ᠦᠷᠲᠡᠭ ᠲᠠᠢ ᠡᠬᠢ ᠪᠠᠶᠠᠯᠢᠭ ᠢ ᠱᠠᠳᠤ ᠳᠠᠷᠠᠭᠠᠯᠠᠨ ᠬᠠᠮᠵᠢᠯᠴᠠᠨ ᠭᠠᠷᠭᠠᠨ ᠠᠪᠴᠤ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠶᠢᠨ ᠨᠡᠮᠡᠯᠲᠡ ᠡᠳ᠋᠂ ᠣᠷᠴᠢᠨ ᠲᠣᠭᠤᠷᠢᠨ ᠤ ᠮᠠᠲ᠋ᠧᠷᠢᠶᠠᠯ ᠪᠤᠯᠤᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠢᠷᠢᠰ ᠦᠢᠯᠡᠳᠬᠦᠨ ᠪᠣᠯᠭᠠᠨ ᠬᠤᠪᠢᠷᠠᠭᠤᠯᠵᠤ᠂ ᠬᠦᠡᠭᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢᠨ ᠡᠬᠢ ᠪᠠᠶᠠᠯᠢᠭ ᠤᠨ ᠤᠷᠴᠢᠯ ᠠᠰᠢᠭᠯᠠᠯᠲᠠ ᠶᠢᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠭᠤᠯᠵᠤ᠂ ᠮᠠᠨ ᠤ ᠤᠯᠤᠰ ᠤᠨ ᠡᠬᠢ ᠪᠠᠶᠠᠯᠢᠭ ᠤᠨ ᠤᠷᠴᠢᠯ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠥᠩᠭᠡᠲᠦ ᠲᠡᠮᠦᠷᠯᠢᠭ ᠪᠤᠯᠤᠨ ᠴᠠᠭᠠᠰᠤ ᠦᠢᠯᠡᠳᠬᠦ ᠵᠡᠷᠭᠡ ᠠᠵᠤ ᠦᠢᠯᠡᠰ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠪᠡ᠃ ᠲᠥᠷᠥᠯ ᠵᠦᠢᠯ ᠨᠢ ᠲᠠᠯᠠᠰᠲᠤ ᠪᠤᠰᠤ ᠢᠰᠦᠯᠳᠦᠭᠰᠡᠨ ᠴᠠᠬᠢᠭᠤᠷ ᠢ ᠥᠨᠳᠥᠷ ᠦᠷ᠎ᠡ ᠪᠦᠲᠦᠮᠵᠢᠲᠠᠢ ᠪᠠᠷ ᠭᠠᠷᠭᠠᠨ ᠠᠪᠴᠤ ᠬᠤᠪᠢᠷᠠᠭᠤᠯᠬᠤ ᠵᠢᠴᠢ ᠦᠨᠳᠦᠷ ᠨᠡᠮᠡᠯᠲᠡ ᠪᠠᠷ ᠴᠠᠭᠠᠰᠤ ᠬᠢᠬᠦ ᠮᠡᠷᠭᠡᠵᠢᠯ᠂ ᠴᠠᠬᠢᠭᠤᠷ ᠦᠭᠡᠶᠢᠳᠡᠭᠦᠯᠦᠭᠰᠡᠨ ᠨᠤᠨᠲᠠᠭ ᠨᠡᠭᠦᠷᠡᠰᠦᠨ ᠤ ᠦᠨᠡᠰᠦ ᠶᠢ ᠳᠤᠤᠷ᠎ᠠ ᠡᠨᠧᠷᠬᠢ ᠶᠢᠨ ᠬᠤᠷᠤᠭᠳᠠᠯ ᠢᠶᠠᠷ ᠰᠢᠲᠠᠭᠠᠵᠤ ᠢᠰᠦᠯᠳᠦᠭᠰᠡᠨ ᠬᠦᠡᠭᠭᠡᠨᠴᠠᠭᠠᠨ ᠢ ᠭᠠᠷᠬᠠᠨ ᠠᠪᠬᠤ ᠮᠡᠷᠭᠡᠵᠢᠯ ᠵᠢᠴᠢ ᠨᠤᠨᠲᠠᠭ ᠨᠡᠭᠦᠷᠡᠰᠦᠨ ᠤ ᠦᠨᠡᠰᠦ ᠠᠴᠠ ᠬᠦᠡᠭᠭᠡᠨᠴᠠᠭᠠᠨ ᠴᠠᠬᠢᠭᠤᠷ ᠺᠠᠯᠼ ᠶᠢᠨ ᠰᠢᠭᠠᠷᠠᠤ ᠶᠢ ᠭᠠᠷᠭᠠᠨ ᠠᠪᠬᠤ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠨᠡᠭᠡᠭᠡᠨ ᠬᠦᠭᠵᠢᠬᠦᠯᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠴᠤᠷ ᠤᠨ ᠭᠠᠭᠴᠠ ᠠᠷᠠᠯᠵᠢᠶᠠᠯᠠᠨ ᠠᠵᠢᠯᠯᠠᠭᠤᠯᠬᠤ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠦᠡᠭᠭᠡᠨᠴᠠᠭᠠᠨ ᠢ ᠭᠠᠷᠭᠠᠨ ᠠᠪᠬᠤ ᠵᠢᠱᠢᠶ᠎ᠡ ᠦᠵᠡᠭᠦᠯᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠨᠢᠭᠡ ᠲᠣᠨ ᠢᠰᠦᠯᠳᠦᠭᠰᠡᠨ ᠬᠦᠡᠭᠭᠡᠨᠴᠠᠭᠠᠨ ᠭᠠᠷᠭᠠᠨ ᠠᠪᠬᠤ ᠪᠦᠷᠢ ᠨᠤᠨᠲᠠᠭ ᠨᠡᠭᠦᠷᠡᠰᠦᠨ ᠤ ᠦᠨᠡᠰᠦ ᠶᠢ 2.5 ᠲᠤᠨ ᠬᠤᠷᠤᠭᠳᠠᠭᠤᠯᠵᠤ᠂ ᠴᠢᠨᠠᠷ ᠰᠠᠶᠢᠲᠠᠶ ᠬᠦᠡᠭᠭᠡᠨᠴᠠᠭᠠᠨ ᠤ ᠰᠢᠷᠣᠶ ᠶᠢᠨ ᠬᠦᠳᠡᠷ ᠢ 2 ᠲᠣᠨ ᠠᠷᠪᠢᠯᠠᠵᠤ᠂ ᠭᠠᠵᠠᠷ ᠰᠢᠷᠣᠶ ᠶᠢ 0.2 ᠲᠡᠭᠰᠢ ᠳᠦᠷᠪᠡᠯᠵᠢᠨ ᠮᠧᠲᠷ ᠠᠷᠪᠢᠯᠠᠵᠤ᠂ ᠬᠠᠮᠲᠤᠷᠠᠭᠤᠯᠤᠨ ᠦᠢᠯᠡᠳᠪᠦᠷᠢᠯᠡᠭᠰᠡᠨ 750 ᠺᠢᠯᠣᠭ᠍ᠷᠠᠮ ᠤᠨ ᠢᠳᠡᠪᠬᠢ ᠴᠠᠬᠢᠭᠤᠷ ᠬᠦᠴᠢᠯ ᠤᠨ ᠺᠠᠯᠼ ᠢ ᠥᠨᠳᠥᠷ ᠨᠡᠮᠡᠯᠲᠡ ᠡᠳ᠋ ᠢᠶᠠᠷ ᠴᠠᠭᠠᠰᠤ ᠦᠢᠯᠡᠳᠬᠦ ᠳᠤ ᠮᠣᠳᠣᠨ ᠮᠠᠲ᠋ᠧᠷᠢᠶᠠᠯ ᠢ 2.5 ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ 4.6 ᠲᠦᠮᠡᠨ ᠲᠣᠨ ᠪᠠᠭᠠᠰᠬᠠᠵᠤ᠂ ᠭᠠᠷᠭᠠᠵᠤ ᠠᠪᠤᠭᠰᠠᠨ 2.6 ᠲᠣᠨ ᠴᠠᠬᠢᠭᠤᠷ ᠺᠠᠯᠼ ᠤᠨ ᠰᠢᠭᠠᠷᠤ ᠶᠢ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠳᠤ ᠬᠡᠷᠡᠭᠯᠡᠪᠡᠯ᠂ ᠱᠦᠢᠨᠢ ᠶᠢ 2 ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ 21.3 ᠲᠣᠨ ᠪᠠᠭᠠᠰᠬᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠦᠷ᠎ᠡ ᠠᠰᠢᠭ ᠢ ᠴᠤ ᠢᠯᠡᠳᠲᠡ ᠳᠡᠭᠡᠭᠰᠢᠯᠡᠬᠦᠯᠬᠦ ᠪᠤᠯᠤᠨ᠎ᠠ᠃      ᠡᠭᠦᠨ ᠠᠴᠠ ᠭᠠᠳᠠᠨ᠎ᠠ᠂ ᠮᠠᠨ ᠤ ᠣᠷᠣᠨ ᠤ ᠠᠵᠤ ᠠᠬᠤᠶᠢᠯᠠᠯ ᠪᠤᠯᠤᠨ ᠶᠡᠭᠡ ᠳᠡᠭᠡᠳᠦ ᠰᠤᠷᠭᠠᠭᠤᠯᠢ ᠶᠢᠨ ᠤᠷᠤᠯᠴᠠᠭᠠᠳ ᠪᠡᠶᠡᠯᠡᠭᠦᠯᠦᠭᠰᠡᠨ 2 ᠲᠦᠷᠦᠯ ᠵᠦᠢᠯ ᠨᠢ ᠴᠤ 2017 ᠣᠨ ᠤ ᠤᠯᠤᠰ ᠤᠨ ᠰᠢᠨᠵᠢᠯᠡᠬᠦ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠬᠦᠷᠲᠡᠪᠡ᠂ ᠡᠨᠡ ᠨᠢ ᠲᠣᠰ ᠲᠣᠰ ᠥᠪᠥᠷ ᠮᠣᠩᠭᠤᠯ ᠤᠨ ᠪᠤᠭᠤᠲᠤ ᠶᠢᠨ ᠪᠤᠯᠤᠳ ᠲᠡᠮᠤᠷ ᠬᠤᠪᠣᠷ ᠰᠢᠷᠣᠶ ᠶᠢᠨ ᠪᠤᠯᠤᠳ ᠬᠠᠪᠲᠠᠰᠤᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠥᠷᠪᠡᠳᠦᠭᠡᠷ ᠡᠭᠦᠷᠭᠡᠯᠡᠭᠰᠡᠨ ᠨᠢᠭᠡᠴᠡ ᠶᠢᠨ ᠬᠤᠪᠢ ᠪᠠᠷ ᠤᠷᠤᠯᠴᠠᠭᠠᠳ ᠪᠡᠶᠡᠯᠡᠭᠦᠯᠦᠭᠰᠡᠨ ︽ᠥᠨᠳᠥᠷ ᠪᠦᠲᠦᠮᠵᠢᠲᠡᠶ ᠪᠠᠷ ᠡᠨᠧᠷᠭᠢ ᠠᠷᠪᠢᠯᠠᠬᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠲᠠᠭᠠᠬᠤ ᠮᠡᠷᠭᠡᠵᠢᠯ ᠵᠢᠴᠢ ᠲᠤᠨᠤᠭ ᠲᠦᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠠᠰᠢᠭᠯᠠᠬᠤ︾ ᠲᠦᠷᠦᠯ ᠵᠦᠢᠯ ᠵᠢᠴᠢ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠳᠣᠯᠣᠳᠤᠭᠠᠷ ᠡᠭᠦᠷᠭᠡᠯᠡᠭᠰᠡᠨ ᠨᠢᠭᠡᠴᠡ ᠶᠢᠨ ᠬᠤᠪᠢ ᠪᠠᠷ ᠤᠷᠤᠯᠴᠠᠭᠠᠳ ᠪᠡᠶᠡᠯᠡᠭᠦᠯᠦᠭᠰᠡᠨ ︽ᠬᠡᠳᠦ ᠥᠨᠳᠥᠷ ᠪᠠᠷᠢᠯᠭ᠎ᠠ ᠶᠢᠨ ᠪᠤᠯᠤᠳ ᠤᠨ ᠳᠡᠭᠡᠳᠦ ᠬᠦᠴᠦᠯᠡᠴᠡ ᠲᠠᠢ ᠪᠧᠲ᠋ᠤᠨ ᠪᠦᠲᠦᠴᠡ ᠶᠢᠨ ᠰᠢᠰᠲ᠋ᠧᠮᠵᠢ ᠶᠢᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠵᠠᠩᠭᠢᠯᠠᠭ᠎ᠠ ᠶᠢᠨ ᠮᠡᠷᠭᠡᠵᠢᠯ ᠵᠢᠴᠢ ᠬᠡᠷᠡᠭᠯᠡᠯᠲᠡ︾᠎ ᠶᠢᠨ ᠲᠥᠷᠥᠯ ᠵᠦᠢᠯ ᠪᠤᠯᠤᠨ᠎ᠠ᠃      2017 ᠣᠨ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ 271 ᠲᠦᠷᠦᠯ ᠵᠦᠢᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ 9 ᠲᠤᠰᠬᠠᠶ ᠮᠡᠷᠭᠡᠵᠢᠯᠲᠡᠨ ᠳᠤ ᠤᠯᠭᠤᠪᠠ᠃ ᠡᠭᠦᠨ ᠳᠤ᠄ ᠤᠯᠤᠰ ᠤᠨ ᠬᠠᠮᠤᠭ ᠤᠨ  ᠦᠨᠳᠦᠷ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ 2 ᠬᠥᠮᠦᠨ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠢ 35 ᠲᠦᠷᠦᠯ ᠵᠦᠢᠯ ᠬᠦᠷᠲᠡᠪᠡ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 2᠂ ᠬᠤᠶᠠᠳᠤᠭᠠᠷ ᠳᠡᠰ ᠤᠨ ᠱᠠᠩᠨᠠᠯ 33 ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ ᠢ 66 ᠲᠦᠷᠦᠯ ᠵᠦᠢᠯ ᠬᠦᠷᠲᠡᠪᠡ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 4᠂ ᠬᠤᠶᠠᠳᠤᠭᠠᠷ ᠳᠡᠰ ᠤᠨ ᠱᠠᠩᠨᠠᠯ 62 ᠪᠤᠢ︔ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ 170 ᠲᠦᠷᠦᠯ ᠵᠦᠶᠯ ᠬᠦᠷᠲᠡᠪᠡ᠂ ᠡᠭᠦᠨ ᠳᠤ ᠣᠨᠴᠠ ᠳᠡᠰ ᠤᠨ ᠱᠠᠩᠨᠠᠯ 3᠂ ᠨᠢᠭᠡᠳᠦᠭᠡᠷ ᠳᠡᠰ ᠤᠨ ᠱᠠᠩᠨᠠᠯ 21 ︵ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ 3 ᠪᠠᠭᠲᠠᠨ᠎ᠠ︶᠂ ᠬᠤᠶᠠᠳᠤᠭᠠᠷ ᠳᠡᠰ ᠤᠨ ᠱᠠᠩᠨᠠᠯ 146 ᠪᠤᠢ︔ ᠭᠠᠳᠠᠭᠠᠳᠤ ᠤᠯᠤᠰ ᠤᠨ ᠬᠠᠷᠢᠶ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ 7 ᠲᠤᠰᠬᠠᠶ ᠮᠡᠷᠭᠡᠵᠢᠯᠲᠡᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ  ᠬᠠᠮᠲᠤᠷᠠᠨ ᠠᠵᠢᠯᠯᠠᠬᠤ ᠱᠠᠩᠨᠠᠯ ᠤᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号