ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ  ᠯᠢ ᠵᠢᠢ ᠾᠧᠩ ᠣᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/10/10
     10 ᠳ᠋ᠤᠭᠠᠷ ᠰᠠᠷ᠎ᠠ ᠶᠢᠨ 8᠎ ᠤ ᠡᠳᠤᠷ ᠤᠨ ᠦᠳᠡ ᠶᠢᠨ ᠬᠤᠶᠢᠨ᠎ᠠ ᠠᠴᠠ 9᠎ ᠤ ᠡᠳᠦᠷ ᠪᠤᠯᠳᠠᠯ᠎ᠠ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠤ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠵᠢᠷᠤᠮᠯᠠᠯ ᠢ ᠡᠵᠡᠮᠳᠡᠨ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠤ᠂ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠪᠠ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠤᠯᠪᠤᠭᠳᠠᠯ ᠪᠦᠬᠦᠢ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠡᠯ᠎ᠠ ᠠᠶᠢᠮᠠᠭ ᠬᠤᠳᠠ᠂ ᠬᠤᠷᠢᠨᠬᠡᠷ ᠰᠢᠨ᠎ᠠ ᠲᠤᠭᠤᠷᠢᠭ᠂ ᠶᠡᠭᠡ ᠬᠢᠩᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠵᠢᠴᠢ ᠦᠪᠡᠷᠳᠡᠭᠡᠨ ᠵᠠᠰᠬᠠᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠨᠢᠭᠡᠴᠢ ᠪᠠ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠲᠦᠪ ᠤᠨ ᠬᠤᠯᠪᠤᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃      ᠯᠢ ᠵᠢᠢ ᠾᠧᠩ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ‌‍ᠲ᠋ᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠳᠠᠯ ᠤᠬᠠᠭᠤᠯᠭ᠎ᠠ ᠦᠵᠡᠯ ᠰᠠᠨᠠᠭᠠᠨ ᠎ ᠤ ᠠᠵᠢᠯ ᠤᠨ ᠲᠡᠤᠭᠡᠳᠦ ᠴᠢᠨᠠᠷᠳᠠᠢ ᠠᠮᠵᠢᠯᠳᠡ ᠪᠤᠯᠤᠨ ᠲᠡᠤᠭᠡᠳᠦ ᠴᠢᠨᠠᠷᠳᠠᠢ ᠬᠤᠪᠢᠰᠤᠯᠳᠠ ᠶᠢ ᠬᠦᠨᠵᠡᠭᠡᠢ ᠳ᠋ᠦᠩᠨᠡᠵᠤ᠂ ᠰᠢᠨ᠎ᠠ ᠴᠠᠭ ᠦᠶ᠎ᠠ ᠳᠤ ᠮᠠᠨ ᠤ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠠ ᠤ ᠠᠵᠢᠯ ᠢ ᠤᠳᠤᠷᠢᠳᠤᠨ ᠠᠬᠢᠭᠤᠯᠵᠤ ᠪᠦᠷᠢᠯᠳᠦᠭᠰᠡᠨ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠦᠭᠦᠯᠡᠵᠤ᠂ ᠰᠢᠨ᠎ᠠ ᠪᠠᠶᠢᠳᠠᠯ ᠲᠤᠤᠷᠠᠬᠢ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠡᠤᠭᠡᠳᠦ ᠡᠭᠦᠷᠭᠡ ᠪᠤᠯᠤᠠ ᠭᠤᠤᠯᠳᠠᠯᠭ᠎ᠠ ᠲᠠᠢ ᠠᠵᠢᠯ ᠢ ᠰᠢᠨᠵᠢᠯᠡᠭᠦ ᠤᠬᠠᠭᠠᠨᠴᠢ ᠪᠠᠷ ᠲᠤᠳᠤᠷᠬᠠᠶᠢᠯᠠᠬᠰᠠᠨ᠂ ᠮᠠᠷᠺᠰ ᠤᠨ ᠦᠵᠡᠯ ᠤᠨ ᠦᠨᠡᠨ ᠶᠤᠰᠤᠨ ᠤ ᠬᠡᠷᠡᠯ ᠬᠢᠯᠪᠠᠭ᠎ᠠ ᠰᠠᠴᠤᠷᠠᠬᠰᠠᠨ ᠬᠦᠳᠦᠯᠪᠤᠷᠢ ᠶᠢᠨ ᠴᠢᠨᠠᠷᠳᠠᠢ ᠲᠤᠯᠭᠤᠷ ᠪᠢᠴᠢᠭ ᠪᠤᠯᠤᠨ᠎ᠠ᠃ ᠪᠢᠳᠡ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨ ᠬᠦ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯᠤᠨ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠨᠢᠭᠡᠳᠦᠯᠳᠡᠢ ᠪᠠᠶᠢᠯᠭᠠᠵᠤ᠂ ᠰᠢᠨ᠎ᠠ ᠪᠠᠶᠢᠳᠠᠯ ᠲᠤᠤᠷᠠᠬᠢ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠭᠦ ᠶᠢᠨ ᠴᠢᠬᠤᠯᠠ ᠶᠡᠭᠡ ᠠᠴᠢ ᠬᠤᠯᠪᠤᠬᠳᠠᠯ ᠪᠠ ᠦᠪᠦᠷ ᠮᠤᠩᠭᠤᠯ ᠤᠨ ᠡᠭᠦᠷᠭᠡᠯᠡᠵᠤ ᠪᠦᠬᠦᠢ ᠴᠢᠬᠤᠯᠠ ᠶᠡᠭᠡ ᠬᠠᠷᠢᠭᠤᠴᠠᠯᠭ᠎ᠠ ᠶᠢ ᠬᠦᠢᠴᠡᠳ ᠲᠠᠨᠢᠵᠤ᠂ ᠤᠬᠠᠮᠰᠠᠷ ᠠᠴᠠ ᠪᠠᠨ ᠲᠤᠭ ᠢ ᠮᠠᠨᠳᠤᠭᠤᠯᠵᠤ᠂ ᠠᠷᠠᠳ ᠤᠨ ᠰᠡᠳᠬᠢᠯ ᠢ ᠨᠢᠬᠳᠠᠷᠠᠭᠤᠯᠵᠦ᠂ ᠰᠢᠨ᠎ᠠ ᠬᠦᠮᠦᠨ ᠢ ᠬᠦᠮᠦᠵᠢᠭᠦᠯᠵᠦ᠂ ᠰᠤᠶᠤᠯ ᠢ ᠴᠡᠴᠡᠭᠯᠡᠭᠦᠯᠵᠤ᠂ ᠲᠦᠷᠢ ᠲᠦᠷᠭᠦ ᠶᠢ ᠢᠯᠡᠷᠡᠭᠦᠯᠭᠦ ᠲᠡᠤᠭᠡᠳᠦ ᠡᠭᠦᠷᠭᠡ ᠶᠢ ᠡᠭᠦᠷᠭᠡᠯᠡᠵᠤ᠂ ᠬᠦᠴᠦᠷᠭᠡᠭ ᠶᠡᠭᠡ ᠨᠢᠬᠳᠠᠷᠠᠭᠤᠯᠬᠤ ᠬᠦᠴᠦᠨ ᠪᠠ ᠲᠠᠭᠠᠭᠤᠯᠬᠤ ᠬᠦᠴᠦᠨ ᠪᠦᠬᠦᠢ ᠨᠡᠶᠢᠭᠡᠮ ᠵᠢᠷᠦᠮ ᠤᠨ ᠦᠵᠡᠯ ᠤᠬᠠᠮᠰᠠᠷ ᠤᠨ ᠬᠡᠯᠪᠡᠷᠢ ᠶᠢ ᠬᠦᠴᠦᠯᠡᠨ ᠪᠠᠶᠢᠭᠤᠯᠵᠤ᠂ ᠦᠨᠳᠦᠰᠦᠳᠡᠨ ᠤ ᠰᠡᠷᠭᠦᠨ ᠮᠠᠨᠳᠤᠯᠳᠠ ᠶᠢᠨ ᠲᠠᠷᠬᠠᠨ ᠡᠭᠦᠷᠭᠡ ᠶᠢ ᠡᠭᠦᠷᠭᠡᠯᠡᠭᠦ ᠰᠢᠨ᠎ᠠ ᠬᠦᠮᠦᠨ ᠢ ᠶᠡᠭᠡ ᠪᠠᠷ ᠬᠦᠮᠦᠵᠢᠭᠦᠯᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠤ ᠪᠠ ᠰᠤᠶᠤᠯ ᠤᠨ ᠠᠮᠢᠳᠤᠷᠠᠯ ᠤᠨ ᠰᠢᠨ᠎ᠠ ᠬᠦᠰᠡᠯ ᠡᠷᠡᠮᠡᠯᠵᠡᠯ ᠢ ᠨᠡᠩ ᠰᠠᠶᠢᠳᠤᠷ ᠬᠠᠩᠭᠠᠵᠤ᠂ ᠭᠠᠳᠠᠭᠠᠳᠤ ᠤᠬᠠᠭᠤᠯᠭ᠎ᠠ ᠪᠤᠯᠤᠨ ᠭᠠᠳᠠᠭᠠᠳᠦ ᠳᠤ ᠬᠠᠨᠳᠤᠭᠤᠯᠤᠬᠰᠠᠨ ᠰᠤᠶᠤᠯ ᠤᠨ ᠰᠤᠯᠢᠯᠴᠠᠭᠠᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ︽ᠬᠤᠶᠠᠷ ᠢ ᠡᠷᠡᠰ ᠬᠠᠮᠠᠭᠠᠯᠠᠬᠤ︾᠎ ᠶᠢ ᠦᠢᠯᠡᠳᠦᠯᠭᠡᠵᠢᠭᠦᠯᠵᠤ᠂ ᠤᠯᠤᠰ ᠲᠦᠷᠦ ᠳᠤ ᠦᠨᠡᠨᠴᠢ ᠰᠢᠳᠤᠷᠭᠤ ᠪᠠᠶᠢᠬᠤ ᠪᠠᠨ ᠲᠠᠶᠢᠯᠪᠤᠷᠢᠯᠠᠬᠤ ᠬᠡᠷᠡᠭᠳᠡᠢ ᠬᠡᠪᠠ᠃      ᠯᠢ ᠵᠢᠢ ᠾᠧᠩ ᠱᠠᠭᠠᠷᠳᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠡᠩᠨᠡᠭᠡ ᠪᠠᠨ ᠪᠠᠶᠢᠭᠤᠯᠤᠨ ᠬᠦᠴᠦᠷᠭᠡᠭᠵᠢᠭᠦᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶᠎ ᠶᠢᠨ ᠭᠤᠤᠯ ᠬᠠᠷᠢᠭᠤᠴᠠᠯᠭᠠᠳᠠᠨ ᠨᠦᠬᠦᠳ ᠲᠤᠭ ᠲᠡᠮᠳᠡᠭ ᠲᠤᠳᠤᠷᠬᠠᠢ ᠪᠠᠷ ᠡᠮᠦᠨ᠎ᠠ ᠹᠷᠤᠨᠲ ᠲᠤ ᠵᠤᠬᠰᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠤᠳᠤᠷᠢᠳᠴᠤ᠂ ᠰᠤᠷᠳᠠᠯ ᠤᠬᠠᠭᠤᠯᠭ᠎ᠠ ᠶᠢᠨ ᠰᠠᠯᠠᠭ᠎ᠠ ᠮᠦᠴᠢᠷ ᠡᠯ᠎ᠠ ᠲᠠᠯ᠎ᠠ ᠶᠢᠨ ᠬᠦᠴᠦᠨ ᠢ ᠲᠠᠶᠢᠴᠢᠯᠡᠨ᠂ ᠡᠯ᠎ᠠ ᠵᠦᠢᠯ ᠤᠨ ᠡᠬᠢ ᠪᠠᠶᠠᠯᠢᠭ ᠢ ᠨᠡᠶᠢᠳᠭᠡᠵᠤ ᠬᠠᠮᠳᠤ ᠪᠠᠷ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠤ᠂ ᠡᠯ᠎ᠠ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠦᠨᠳᠦᠰᠦᠨ ᠱᠠᠳᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠢᠭᠦ ᠬᠦᠮᠦᠨ ᠲᠠᠢ ᠪᠠᠶᠢᠬᠤ᠂ ᠤᠬᠠᠮᠰᠠᠷ ᠠᠴᠠ ᠪᠠᠨ ᠬᠢᠭᠦ᠂ ᠪᠦᠳᠦᠮᠵᠢᠳᠡᠢ ᠬᠢᠭᠦ ᠶᠢ ᠪᠠᠳᠤᠯᠠᠵᠤ᠂ ᠨᠠᠮ ᠤᠨ ᠲᠤᠭ ᠢ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠹᠷᠤᠨᠲ ᠲᠤ ᠦᠨᠳᠦᠷ ᠮᠠᠨᠳᠤᠭᠤᠯᠬᠤ ᠬᠡᠷᠡᠭᠳᠡᠢ ᠬᠡᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠎ ᠤᠨ ᠲᠠᠷᠤᠭ᠎ᠠ ᠪᠠᠢ ᠢᠤᠢ ᠭᠠᠩ ᠳ᠋ᠦᠩᠨᠡᠯᠳᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠡᠵᠡᠮᠰᠢᠵᠤ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠨ᠂ ᠠᠷᠠᠳ ᠲᠦᠮᠡᠨ ᠎ ᠢ ᠬᠦᠮᠦᠵᠢᠭᠦᠯᠵᠤ᠂ ᠭᠤᠤᠯ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ ᠴᠠᠭ ᠦᠶ᠎ᠠ ᠶᠢᠨ ᠰᠢᠨ᠎ᠠ ᠬᠦᠮᠦᠨ ᠢ ᠬᠦᠮᠦᠵᠢᠭᠦᠯᠦᠨ᠂ ᠰᠤᠶᠤᠯ ᠤᠨ ᠬᠠᠩᠭᠠᠯᠭ᠎ᠠ ᠶᠢ ᠰᠢᠯᠢᠳᠡᠭᠵᠢᠭᠦᠯᠵᠤ᠂ ᠲᠤᠮᠳᠠᠳᠤ ᠤᠯᠤᠰ ᠤᠨ ᠦᠯᠢᠭᠡᠷ ᠢ ᠰᠠᠶᠢᠳᠤᠷ ᠶᠠᠷᠢᠵᠤ᠂ ᠦᠵᠡᠯ ᠰᠠᠨᠠᠭ᠎ᠠ ᠪᠠᠨ ᠨᠢᠭᠡᠳᠭᠡᠨ᠂ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ᠃ ︽ᠲᠦᠷᠪᠡᠨ ᠬᠦᠴᠦᠨ︾᠎ ᠤ ᠬᠦᠮᠦᠵᠢᠯ ᠪᠤᠯᠪᠠᠰᠤᠷᠠᠯ ᠢ ᠴᠢᠩᠭᠠᠳᠬᠠᠵᠤ᠂ ︽ᠪᠤᠳᠠᠳᠠᠢ︾᠎ ᠶᠢ ᠲᠤᠪᠤᠶᠢᠯᠭᠠᠨ᠂ ︽ᠬᠡᠶᠢᠰᠪᠤᠷᠢ︾᠎ ᠠᠴᠠ ᠴᠡᠭᠡᠷᠯᠡᠵᠤ᠂ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠦᠪ ᠴᠢᠭᠡᠴᠢ ᠶᠢ ᠪᠠᠷᠢᠮᠳᠠᠯᠠᠨ ᠰᠢᠨ᠎ᠠ ᠶᠢ ᠡᠭᠦᠳᠦᠭᠰᠡᠨ ᠰᠢᠨ᠎ᠠ ᠪᠠᠶᠢᠳᠠᠯ ᠢ ᠡᠭᠦᠳᠭᠦ ᠬᠡᠷᠡᠭᠳᠡᠢ ᠬᠡᠪᠠ᠃      ᠬᠤᠷᠠᠯ ᠲᠡᠭᠡᠷ᠎ᠠ᠂ ᠬᠡᠰᠡᠭ ᠠᠶᠢᠮᠠᠭ ᠬᠤᠳᠠ᠂ ᠰᠤᠨᠢᠨ ᠮᠡᠳᠡᠭᠡᠨ ᠤ ᠨᠢᠭᠡᠴᠢ᠂ ᠶᠡᠭᠡ ᠲᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠬᠠᠷᠢᠭᠤᠴᠠᠯᠭᠠᠳᠠᠨ ᠨᠦᠬᠦᠳ ᠰᠠᠨᠠᠯ ᠢᠶᠠᠨ ᠰᠣᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号