ᠥᠪᠥᠷ ᠮᠣᠩᠭᠤᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠢᠲᠡᠭᠡᠮᠵᠢ ᠶᠢᠨ ᠬᠠᠮᠢᠶᠠᠷᠤᠯᠲᠠ ᠳᠤ ᠣᠷᠣᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/10/10
     10 ᠳ᠋ᠤᠭᠠᠷ ᠰᠠᠷ᠎ᠠ ᠶᠢᠨ 9᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠳᠠᠬᠢᠨ ᠵᠠᠰᠠᠪᠤᠷᠢ ᠣᠷᠣᠭᠤᠯᠵᠤ ᠨᠡᠶᠢᠲᠡᠯᠡᠵᠦ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠳᠦᠷᠢᠮ︾᠎ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠭᠰᠠᠨ ᠪᠠᠶᠢᠳᠠᠯ ᠢ ᠲᠠᠨᠢᠯᠴᠠᠭᠤᠯᠪᠠ᠃ ᠲᠠᠨᠢᠯᠴᠠᠭᠤᠯᠤᠭᠰᠠᠨ ᠢᠶᠠᠷ᠂ ︽ᠲᠦᠷᠢᠮ︾᠎ ᠢ 2018 ᠣᠨ ᠤ 8 ᠳ᠋ᠤᠭᠠᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ  ᠬᠡᠷᠡᠭᠵᠢᠭᠦᠯᠪᠡ᠃ ᠵᠠᠷᠢᠮ ᠠᠵᠤ ᠠᠬᠤᠶᠢᠯᠠᠯ ᠤᠨ ᠥᠮᠴᠢᠲᠡᠨ ᠤ ᠡᠷᠬᠡ ᠠᠰᠢᠭ ᠢ ᠣᠮᠲᠣᠭᠠᠶᠢᠯᠠᠵᠤ ᠪᠠᠶᠢᠭ᠎ᠠ᠂ ᠭᠡᠷ᠎ᠡ ᠶᠣᠰᠣᠭᠠᠷ ︽ᠴᠢᠨᠠᠷ ᠪᠠ ᠦᠨ᠎ᠡ ᠨᠢ ᠨᠡᠶᠢᠴᠡᠭᠰᠡᠨ︾ ᠦᠢᠯᠡᠴᠢᠯᠡᠭᠡ ᠬᠠᠩᠭᠠᠬᠤ ᠦᠭᠡᠢ᠂ ᠦᠢᠯᠡᠴᠢᠯᠡᠭᠡᠨ ᠤ ᠬᠢᠷᠢ ᠲᠦᠪᠰᠢᠨ ᠳᠣᠣᠷ᠎ᠠ᠂ ᠦᠢᠯᠡᠴᠢᠯᠡᠭᠡᠨ ᠤ ᠶᠠᠰᠤ ᠴᠢᠨᠠᠷ ᠨᠢ ᠪᠠᠷᠤᠭᠲᠠᠶ ᠪᠠᠶᠢᠭ᠎ᠠ ᠵᠢᠴᠢ ᠦᠮᠴᠢᠳᠠᠳ ᠤᠨ ᠰᠡᠳᠬᠢᠯ ᠬᠠᠨᠤᠮᠵᠢ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ︽ᠲᠦᠷᠢᠮ︾᠎ ᠳᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠠᠩᠬ᠎ᠠ ᠤᠳᠠᠭ᠎ᠠ ᠢᠲᠡᠭᠡᠮᠵᠢ ᠶᠢᠨ ᠬᠠᠮᠢᠶᠠᠷᠤᠯᠲᠠ ᠳᠤ ᠣᠷᠣᠭᠤᠯᠬᠤ ᠪᠣᠯᠤᠨ᠎ᠠ᠃ ᠡᠭᠦᠨ ᠤ ᠬᠠᠮᠲᠤ᠂ ᠥᠮᠴᠢᠲᠡᠨ ᠳᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠣᠯᠤᠨ ᠬᠠᠮᠢᠶᠠᠷᠤᠯᠲᠠ ᠶᠢᠨ ᠲᠥᠷᠢᠮ ᠢ ᠬᠠᠤᠯᠢ ᠶᠣᠰᠣᠭᠠᠷ ᠪᠠᠶᠢᠭᠤᠯᠬᠤ ᠶᠢ ᠬᠠᠶᠢᠨ ᠰᠦᠪᠡᠭᠴᠢᠯᠡᠨ᠎ᠠ᠃      ︽ᠲᠦᠷᠢᠮ︾᠎ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠪᠣᠯᠤᠨ ᠶᠡᠷᠦᠩᠬᠡᠶᠢᠯᠡᠭᠰᠡᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠰᠢᠰᠲ᠋ᠧᠮᠵᠢ ᠳᠤ ᠤᠷᠤᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠪᠠ ᠮᠡᠷᠭᠡᠵᠢᠭᠦᠯᠦᠭᠰᠡᠨ᠂ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠵᠢᠭᠰᠡᠨ ᠠᠳᠠᠯ ᠠᠬᠤᠶ ᠶᠢᠨ ᠦᠢᠯᠡᠴᠢᠯᠡᠭᠡᠨ ᠤ ᠲᠣᠭᠲᠠᠴᠠ ᠶᠢ ᠪᠤᠢ ᠪᠣᠯᠭᠠᠨ᠎ᠠ ᠭᠡᠵᠦ ᠲᠣᠭᠲᠠᠭᠠᠵᠠᠢ᠃ ᠡᠭᠦᠨ ᠤ ᠬᠠᠮᠲᠤ ᠲᠣᠳᠣᠷᠬᠠᠶ ᠲᠣᠭᠲᠠᠭᠠᠭᠰᠠᠨ ᠨᠢ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠭᠡᠷ᠎ᠡ ᠳᠤ ᠪᠣᠯᠵᠣᠨ ᠲᠣᠭᠲᠠᠭᠰᠠᠨ ᠵᠢᠴᠢ ︽ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠢᠯᠡᠴᠢᠯᠡᠭᠡ ᠬᠠᠩᠭᠠᠵᠤ ᠪᠠᠶᠢᠪᠠᠯ᠂ ᠥᠮᠴᠢᠲᠡᠨ ᠠᠴᠠ ᠠᠳᠠᠯ ᠠᠬᠤᠶ ᠰᠤᠯᠠ ᠪᠠᠶᠢᠬᠤ᠂ ᠣᠷᠣᠨ ᠰᠠᠭᠤᠴᠠ ᠶᠢᠨ ᠶᠠᠰᠤ ᠴᠢᠨᠠᠷ ᠪᠠ ᠠᠳᠠᠯ ᠠᠬᠤᠶ ᠶᠢᠨ ᠦᠢᠯᠡᠴᠢᠯᠡᠭᠡ ᠬᠦᠷᠲᠡᠬᠦ ᠥᠬᠡᠶ ᠪᠣᠶᠣ ᠬᠠᠮᠢᠶ᠎ᠠ ᠪᠦᠬᠦᠢ ᠠᠳᠠᠯ ᠠᠬᠤᠶ ᠶᠢᠨ ᠦᠢᠯᠡᠴᠢᠯᠡᠭᠡ ᠶᠢ ᠬᠦᠯᠢᠶᠡᠨ ᠠᠪᠬᠤ ᠦᠭᠡᠢ ᠪᠠᠶᠢᠬᠤ ᠶᠠᠪᠤᠳᠠᠯ ᠢᠶᠠᠷ ᠰᠢᠯᠲᠠᠭ ᠪᠣᠯᠭᠠᠵᠤ ᠂ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠬᠤ ᠦᠭᠡᠢ ᠭᠡᠵᠡᠢ᠃      ︽ᠲᠦᠷᠢᠮ︾᠎ ᠳᠤ ᠲᠣᠭᠲᠠᠭᠠᠭᠰᠠᠨ ᠨᠢ ᠬᠢᠮᠳᠠ ᠲᠦᠷᠢᠶᠡᠰᠤᠳᠤ ᠣᠷᠣᠨ ᠰᠠᠭᠤᠴᠠ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠡᠷᠭᠡ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠢ ᠬᠤᠷᠢᠶᠠᠬᠤ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠦᠨ᠎ᠡ︔ ᠡᠩ ᠤᠨ ᠣᠷᠣᠨ ᠰᠠᠭᠤᠴᠠ᠂ ᠪᠠᠭᠤᠴᠠ᠂ ᠵᠤᠰᠠᠯᠠᠩ ᠵᠢᠴᠢ ᠬᠤᠳᠠᠯᠳᠤᠭᠠᠨ ᠤ ᠲᠠᠯᠠᠪᠤᠷ᠂ ᠪᠠᠭᠤᠳᠠᠯ᠂ ᠠᠯᠪᠠᠨ ᠠᠰᠠᠷ ᠵᠡᠷᠭᠡ ᠣᠷᠣᠨ ᠰᠠᠭᠤᠴᠠ ᠶᠢᠨ ᠪᠤᠰᠤ ᠭᠠᠵᠠᠷ ᠤᠨ ᠠᠳᠠᠯ ᠠᠬᠤᠶ ᠶᠢᠨ ᠦᠢᠯᠡᠴᠢᠯᠡᠭᠡᠨ ᠤ ᠰᠦᠢᠳᠬᠡᠯ ᠢ ᠬᠤᠷᠢᠶᠠᠬᠤ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠦᠨ᠎ᠡ᠃      ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠳᠤᠷ᠎ᠠ ᠪᠠᠷ ᠢᠶᠠᠨ ᠪᠠᠷᠢᠵᠤ ᠪᠣᠰᠬᠠᠭᠰᠠᠨ᠂ ᠶᠠᠭᠤᠮ᠎ᠠ ᠬᠡᠦᠮ᠎ᠡ ᠪᠠᠨ ᠣᠪᠣᠭᠠᠯᠠᠨ ᠲᠠᠯᠪᠢᠭᠰᠠᠨ ᠵᠢᠴᠢ ᠭᠡᠷ ᠪᠠᠶᠢᠰᠢᠩ ᠤᠨ ᠬᠡᠷᠡᠭᠯᠡᠯᠲᠡ ᠶᠢ ᠬᠤᠪᠢᠷᠠᠭᠤᠯᠤᠭᠰᠠᠨ ᠵᠡᠷᠭᠡ ᠠᠰᠠᠭᠤᠳᠠᠯ ᠎ ᠳᠤ᠂ ︽ᠲᠦᠷᠢᠮ︾᠎ ᠳᠤ ᠲᠣᠭᠲᠠᠭᠠᠭᠰᠠᠨ ᠨᠢ ᠭᠡᠷ ᠪᠠᠶᠢᠰᠢᠩ ᠤᠨ ᠲᠤᠯᠭᠠᠭᠤᠷᠢ ᠪᠦᠲᠦᠴᠡ ᠂ ᠭᠤᠤᠯ ᠴᠣᠭᠴᠠ ᠶᠢᠨ ᠪᠦᠲᠦᠴᠡ ᠪᠠ ᠭᠡᠷ ᠪᠠᠶᠢᠰᠢᠩ ᠤᠨ ᠭᠠᠳᠠᠷ ᠪᠠᠶᠢᠳᠠᠯ ᠢ ᠨᠢ ᠡᠪᠳᠡᠬᠦ ᠂ ᠡᠳ᠋ ᠪᠣᠳᠠᠰ ᠬᠡᠳᠦ ᠬᠠᠳᠠᠭᠠᠯᠠᠬᠤ ᠵᠡᠷᠭᠡ 17 ᠵᠦᠢᠯ ᠤᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠂ ᠡᠭᠦᠨ ᠤ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠳᠤ ᠵᠣᠬᠢᠴᠠᠩᠭᠤᠶ ᠲᠣᠭᠲᠠᠭᠠᠯ ᠭᠠᠷᠭᠠᠵᠤ᠂ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠶᠢ ᠲᠣᠳᠣᠷᠬᠠᠶᠢᠯᠠᠵᠠᠢ᠃ ︽ᠲᠦᠷᠢᠮ︾᠎ ᠳᠤ ᠪᠠᠰᠠ ᠠᠯᠪᠠᠨ ᠤ ᠡᠵᠡᠩᠨᠡᠯᠲᠡ ᠶᠢᠨ ᠨᠢᠭᠡᠴᠢ ᠶᠢᠨ ᠠᠳᠠᠯ ᠠᠬᠤᠶ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠢᠯᠤᠭᠤᠳᠬᠠᠨ ᠲᠣᠳᠣᠷᠬᠠᠶᠢᠯᠠᠵᠤ᠂ ᠪᠠᠴᠢᠮ ᠬᠡᠷᠡᠭᠯᠡᠯᠲᠡ ᠶᠢᠨ ᠲᠣᠭᠲᠠᠭᠠᠯ ᠢ ᠲᠣᠳᠣᠷᠬᠠᠶᠢᠯᠠᠵᠤ ᠂ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠪᠠᠯᠠ ᠮᠥᠩᠭᠦ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠲᠣᠭᠲᠠᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号