ᠥᠪᠥᠷ ᠮᠣᠩᠭᠤᠯ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠲᠣᠣᠷ ᠰᠦᠯᠵᠢᠶ᠎ᠡ ᠶᠢ ᠪᠦᠬᠦ ᠬᠦᠴᠦ ᠪᠠᠷ ᠢᠶᠠᠨ ᠴᠣᠭᠴᠠᠯᠠᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2018-10-11
     ᠪᠣᠯᠪᠠᠰᠤᠨ ᠢᠶᠠᠷ ᠠᠶᠠᠯᠠᠨ ᠵᠢᠭᠤᠯᠴᠢᠯᠠᠬᠤ ᠶᠢ ᠠᠬᠢᠭᠤᠯᠤᠨ᠂ ᠵᠤᠭᠠᠴᠠᠭᠰᠠᠳ ᠲᠤ ᠥᠪᠡᠷᠮᠢᠴᠡ ᠦᠢᠯᠡᠴᠢᠯᠡᠭᠡ  ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠦᠴᠢᠷ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠲᠣᠣᠷ ᠰᠦᠯᠵᠢᠶ᠎ᠡ ᠶᠢ ᠢᠳᠡᠪᠬᠢᠲᠡᠢ ᠴᠣᠭᠴᠠᠯᠠᠨ᠂ ᠪᠣᠯᠪᠠᠰᠤᠨ ᠵᠢᠭᠤᠯᠴᠢᠯᠠᠯ ᠎ ᠢ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠨᠡᠶᠢᠯᠡᠮᠡᠯ ᠬᠦᠴᠦᠨ ᠢ ᠪᠤᠢ ᠪᠣᠯᠭᠠᠪᠠ᠃      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠪᠥᠬᠦ ᠣᠷᠣᠨ ᠤ ᠵᠢᠭᠤᠯᠴᠢᠯᠠᠯ ᠤᠨ ᠭᠠᠵᠠᠷ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠯᠲᠡ ᠬᠢᠬᠦ ᠪᠣᠯᠪᠠᠰᠤᠷᠠᠭᠤᠯᠤᠯ ᠤᠨ ᠠᠩᠭᠢ ᠡᠷᠬᠢᠯᠡᠬᠦ ᠪᠠᠷ ᠳᠠᠮᠵᠢᠨ ᠪᠦᠬᠦ ᠣᠷᠣᠨ ᠤ ᠵᠢᠭᠤᠯᠴᠢᠯᠠᠯ ᠤᠨ ᠭᠠᠵᠠᠷ ᠤᠨ ᠬᠢᠨ ᠳᠤ ᠦᠨᠡᠨᠴᠢ ᠢᠲᠡᠭᠡᠮᠵᠢᠲᠡᠶ ᠪᠠᠷ ᠡᠵᠡᠩᠨᠡᠬᠦ  ᠲᠤᠰᠬᠠᠢ ᠪᠣᠯᠪᠠᠰᠤᠷᠠᠭᠤᠯᠤᠯ ᠬᠢᠵᠦ᠂ ᠪᠣᠯᠪᠠᠰᠤᠨ ᠵᠢᠭᠤᠯᠴᠢᠯᠠᠯ ᠤᠨ ᠠᠬᠢᠴᠠ ᠶᠢ ᠲᠦᠯᠬᠢᠨ ᠠᠬᠢᠭᠤᠯᠪᠠ᠃ ᠵᠢᠭᠤᠯᠴᠢᠯᠠᠯ ᠤᠨ ᠭᠠᠵᠠᠷ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠣᠯᠪᠠᠰᠤᠷᠠᠭᠤᠯᠤᠯ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠨᠢᠭᠡ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠭᠤᠯᠴᠢᠯᠠᠯ ᠤᠨ ᠠᠵᠤ ᠠᠬᠤᠶᠢᠯᠠᠯ ᠢ ᠦᠷᠭᠦᠯᠵᠢᠯᠡᠨ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠢᠭᠤᠯᠴᠢᠯᠠᠯ ᠢ ᠴᠢᠩᠭ᠎ᠠ ᠵᠠᠰᠠᠬᠤ ᠬᠠᠨᠳᠤᠰᠢ ᠶᠢ ᠪᠠᠲᠤᠯᠠᠵᠠᠢ︔ ᠨᠦᠬᠦᠭᠡ ᠲᠠᠯ᠎ᠠ ᠪᠠᠷ ᠵᠢᠭᠤᠯᠴᠢᠯᠠᠯ ᠤᠨ ᠠᠵᠤ ᠠᠬᠤᠶᠢᠯᠠᠯ ᠳᠤ ᠦᠨᠡᠨᠴᠢ ᠢᠲᠡᠭᠡᠮᠵᠢᠲᠡᠶ ᠪᠠᠷ ᠡᠵᠡᠩᠨᠡᠯᠲᠡ ᠬᠢᠬᠦ ᠬᠥᠮᠦᠵᠢᠯ ᠤᠨ ᠵᠢᠯᠣᠭᠤᠳᠤᠮᠵᠢ ᠶᠢ ᠴᠢᠩᠭᠠᠳᠬᠠᠨ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠢᠮᠲᠠ ᠦᠨ᠎ᠡ ᠪᠠᠷ ᠡᠵᠡᠩᠨᠡᠬᠦ ᠵᠠᠭᠪᠤᠷ ᠢᠶᠠᠨ ᠬᠤᠪᠢᠷᠠᠭᠤᠯᠬᠤ ᠶᠢ ᠨᠢ ᠵᠣᠷᠢᠭᠵᠢᠭᠤᠯᠵᠤ᠂ ᠬᠤᠶᠠᠷ ᠲᠠᠯ᠎ᠠ ᠪᠠᠷ ᠠᠳᠬᠤᠬᠤ ᠪᠦᠭᠡᠳ ᠴᠢᠩᠭ᠎ᠠ ᠠᠳᠬᠤᠬᠤ ᠶᠢ ᠪᠠᠷᠢᠮᠲᠠᠯᠠᠨ᠂ ᠮᠠᠨ ᠤ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠠᠰᠤᠷᠠᠯᠲᠠ ᠦᠭᠡᠢ ᠰᠠᠶᠢᠵᠢᠷᠠᠭᠤᠯᠪᠠ᠃      2017 ᠣᠨ ᠠᠴᠠ ᠡᠬᠢᠯᠡᠨ᠂ ᠮᠠᠨ ᠤ ᠣᠷᠣᠨ ︽ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾᠎ ᠢ ᠵᠢᠩᠬᠢᠨᠢ ᠪᠠᠷ ᠡᠬᠢᠯᠡᠨ ᠬᠡᠷᠡᠭᠯᠡᠪᠡ᠃ ᠪᠦᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠣᠯ ᠤᠯᠤᠰ ᠤᠨ ᠵᠢᠭᠤᠯᠴᠢᠯᠠᠯ ᠤᠨ ᠲᠣᠪᠴᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂  ᠵᠢᠭᠤᠯᠴᠢᠯᠠᠯ + ᠢᠨᠲ᠋ᠧᠷ ᠰᠦᠯᠵᠢᠶᠡᠨ ᠤ ᠠᠭᠤᠰᠤᠯᠴᠠᠯ ᠢ ᠲᠦᠷᠭᠡᠳᠬᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠭᠰᠠᠨ ᠶᠤᠮ᠃ ᠲᠠᠪᠴᠠᠩ ᠨᠢ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠣᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠡᠯ᠎ᠡ ᠵᠦᠢᠯ ᠤᠨ ᠠᠭᠤᠯᠭ᠎ᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠦᠭᠰᠡᠨ ᠢᠶᠠᠷ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ︾᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ︾᠎ ᠯᠤᠭ᠎ᠠ ᠬᠤᠯᠪᠣᠭᠠᠯᠠᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠥᠪ ᠭᠤᠣᠯᠴᠢ ᠡᠮᠬᠢ ᠵᠢᠷᠤᠮ ᠲᠠᠢ ᠪᠠᠷ ᠣᠷᠣᠵᠤ ᠢᠷᠡᠬᠦ ᠳᠤ ᠨᠡᠩ ᠳᠥᠭᠦᠮ ᠳᠦᠳᠡ ᠦᠵᠡᠭᠦᠯᠦᠨ᠂ ᠬᠠᠮᠲᠤᠷᠠᠨ ᠰᠢᠢᠳᠬᠡᠨ ᠴᠡᠭᠡᠷᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ ᠲᠡᠭᠰᠢ ᠲᠥᠪ ᠭᠤᠣᠯᠴᠢ ᠵᠢᠭᠤᠯᠴᠢᠯᠠᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠪᠣᠢ ᠪᠣᠯᠭᠠᠬᠤ ᠳᠤ ᠠᠰᠢᠭᠲᠠᠶ ᠪᠣᠯᠣᠭᠰᠠᠨ ᠶᠤᠮ᠃      ᠡᠭᠦᠨ ᠤ ᠬᠠᠮᠲᠤ᠂ ᠮᠠᠨ ᠤ ᠣᠷᠣᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠠᠬᠤ ᠠᠷᠭ᠎ᠠ ᠪᠠᠷᠢᠯ ᠢ ᠭᠦᠢᠴᠡᠳ ᠠᠰᠢᠭᠯᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠶᠢᠨ ᠭᠤᠣᠯ ᠴᠣᠭᠴᠠ ᠶᠢ ᠤᠷᠮᠠᠰᠢᠭᠤᠯᠬᠤ ᠡᠷᠴᠢᠮ ᠪᠣᠯᠣᠨ ᠢᠲᠡᠭᠡᠯ  ᠠᠯᠳᠠᠭᠰᠠᠨ ᠭᠤᠣᠯ ᠴᠣᠭᠴᠠ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢᠲᠡᠢ ᠪᠠᠶᠢᠭᠰᠠᠳ ᠲᠤ ᠠᠰᠢᠭ ᠬᠦᠷᠲᠡᠭᠡᠵᠦ᠂ ᠢᠲᠡᠭᠡᠮᠵᠢ ᠦᠭᠡᠢ ᠬᠥᠮᠦᠰ ᠢ ᠬᠢᠵᠠᠭᠠᠷᠯᠠᠨ᠂ ᠦᠨᠡᠨᠴᠢ ᠢᠲᠡᠭᠡᠮᠵᠢᠲᠡᠶ ᠶᠢ ᠨᠢ ᠰᠠᠶᠢᠰᠢᠶᠠᠵᠤ᠂ ᠢᠲᠡᠭᠡᠯ ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠣᠢ ᠪᠣᠯᠭᠠᠪᠠ᠃ ᠡᠩ ᠲᠡᠷᠢᠭᠦᠨ ᠳᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠠᠮᠠᠯᠠᠯᠲᠠ ᠶᠢᠨ ᠪᠢᠴᠢᠭ ᠲᠣᠭᠲᠠᠬᠤ ᠶᠢ ᠨᠢ ᠵᠣᠷᠢᠭᠵᠢᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠢᠲᠡᠭᠡᠮᠵᠢᠲᠡᠢ ᠡᠵᠡᠩᠨᠡᠬᠦ ᠤᠬᠠᠮᠰᠠᠷ ᠢ ᠨᠢ ᠳᠡᠭᠡᠭᠰᠢᠯᠡᠭᠦᠯᠪᠡ᠃ ᠳᠠᠷᠠᠭ᠎ᠠ ᠳᠤ ᠨᠢ᠂ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ︽ᠤᠯᠠᠭᠠᠨ︾ + ︽ᠬᠠᠷ᠎ᠠ︾ ᠨᠡᠷᠡᠰ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ︽ᠤᠯᠠᠭᠠᠨ︾ + ︽ᠬᠠᠷ᠎ᠠ︾ ᠨᠡᠷᠡᠰ ᠢ ᠴᠠᠭ ᠲᠤᠬᠠᠶ ᠳᠤ ᠨᠢ  ᠨᠡᠶᠢᠲᠡᠯᠡᠨ᠂ ︽ᠵᠦᠶ ᠵᠣᠬᠢᠰ ᠥᠬᠡᠶ ᠬᠢᠮᠳᠠ ᠦᠨ᠎ᠡ ᠶᠢᠨ ᠵᠢᠭᠤᠯᠴᠢᠯᠠᠯ︾᠎ ᠤᠨ ᠡᠵᠡᠩᠨᠡᠯᠲᠡ ᠬᠢᠭᠰᠡᠨ ᠢᠶᠠᠷ ᠰᠡᠵᠢᠭᠯᠡᠭᠳᠡᠭᠰᠡᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠪᠣᠯᠣᠨ ︽ᠵᠣᠨ ᠤ ᠠᠮᠠᠷᠠᠯᠲᠠ ᠶᠢᠨ ᠴᠡᠭᠴᠡᠯᠡᠯᠲᠡ︾᠎ ᠶᠢᠨ ᠠᠵᠢᠯᠯᠠᠭᠠᠨ ᠤ ᠳᠤᠮᠳᠠ ᠪᠠᠶᠢᠴᠠᠭᠠᠨ ᠰᠢᠢᠳᠪᠦᠷᠢᠯᠡᠭᠰᠡᠨ ᠬᠡᠷᠡᠭ ᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠰᠢᠳᠬᠡᠭᠳᠡᠭᠰᠡᠨ ᠵᠢᠭᠤᠯᠴᠢᠯᠠᠯ ᠤᠨ ᠭᠠᠵᠠᠷ ᠪᠣᠯᠣᠨ ᠵᠠᠮᠴᠢᠯᠠᠭᠴᠢ ᠶᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠵᠠᠷᠯᠠᠨ ᠮᠡᠳᠡᠭᠳᠡᠵᠦ᠂ ᠬᠠᠲᠠᠭᠤ ᠴᠢᠩᠭ᠎ᠠ  ᠰᠢᠢᠳᠬᠡᠬᠦ ᠪᠠᠷ ᠳᠠᠮᠵᠢᠨ ᠵᠢᠭᠤᠯᠴᠢᠯᠠᠯ ᠤᠨ ᠠᠵᠤ ᠠᠬᠤᠶᠢᠯᠠᠯ ᠤᠨ ᠬᠠᠤᠯᠢ ᠶᠢ ᠵᠢᠷᠤᠮᠯᠠᠨ ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠭᠡᠳᠡᠷᠭᠦ ᠱᠠᠭᠠᠷᠳᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ  ᠪᠣᠶ ᠪᠣᠯᠭᠠᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号