ᠴᠠᠬᠢᠯᠭᠠᠨ ᠤ ᠦᠨ᠎ᠡ ᠶᠢ ᠪᠠᠭᠤᠷᠠᠭᠤᠯᠵᠤ  ᠥᠪᠥᠷ ᠮᠣᠩᠭᠤᠯ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠪᠣᠳᠠᠲᠠᠶ ᠠᠷᠭ᠎ᠠ ᠠᠪᠴᠤ ᠪᠣᠢ
ᠨᠡᠶᠢᠲᠡᠯᠡᠭᠰᠡᠨ ᠴᠠᠭ᠄
2018/10/11
     ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠪᠦᠬᠦ ᠣᠷᠣᠨ ᠤ ᠡᠩ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠴᠠᠬᠢᠯᠭᠠᠨ ᠬᠡᠷᠡᠭᠯᠡᠭᠴᠢᠳ ᠲᠤ ᠥᠭᠬᠦ ᠵᠠᠬᠢᠳᠠᠯ︾᠎ ᠢ ᠨᠡᠶᠢᠲᠡᠯᠡᠵᠦ᠂ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠦᠨᠡᠨ ᠬᠦ  ᠪᠠᠭᠤᠷᠠᠭᠤᠯᠤᠨ᠎ᠠ ᠭᠡᠵᠦ ᠮᠡᠳᠡᠭᠳᠡᠵᠡᠢ︕      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠶᠡᠷᠦᠩᠬᠡᠶ ᠰᠠᠶᠢᠳ ᠯᠢ ᠺᠧ ᠴᠢᠶᠠᠩ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠪᠠᠶᠢᠷᠢᠯᠠᠭᠤᠯᠤᠭᠰᠠᠨ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ 10%᠎ ᠪᠠᠷ ᠪᠠᠭᠤᠷᠠᠭᠤᠯᠬᠤ ᠡᠭᠦᠷᠭᠡ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠯᠡᠬᠦ ᠶᠢᠨ ᠳᠤᠰᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠦᠯᠦᠭ ᠤᠳᠠᠭ᠎ᠠ ᠬᠤᠪᠢᠶᠠᠨ ᠥᠪᠥᠷ ᠮᠣᠩᠭᠤᠯ ᠤᠨ ᠵᠡᠭᠦᠨ ᠪᠡᠶ᠎ᠡ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠲᠣᠤᠷ ᠲᠠᠬᠢ ᠡᠩ ᠤᠨ ᠠᠵᠤ ᠦᠢᠯᠡᠳᠪᠦᠷᠢ ᠬᠤᠳᠠᠯᠳᠤᠭ᠎ᠠ ᠎ ᠶᠢᠨ ᠬᠡᠷᠡᠭᠯᠡᠬᠦ ᠴᠠᠬᠢᠯᠭᠠᠨ ᠤ ᠦᠨ᠎ᠡ ᠶᠢ ᠪᠠᠭᠤᠷᠠᠭᠤᠯᠬᠤ ᠠᠷᠭ᠎ᠠ ᠶᠢ ᠬᠡᠷᠡᠭᠵᠢᠭᠦᠯᠵᠡᠢ᠃      2018 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ ᠲᠣᠤᠷ ᠲᠠᠬᠢ ᠡᠩ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠭᠠᠷᠴᠠᠭᠲᠤ ᠴᠠᠬᠢᠯᠭᠠᠨ ᠤ ᠦᠨ᠎ᠡ ᠶᠢ ᠺᠢᠯᠣᠸᠠᠲ ᠴᠠᠭ ᠪᠦᠷᠢ 1 ᠺᠢᠯᠣᠸᠠᠲ ᠠᠴᠠ ᠳᠤᠷᠤᠭᠰᠢᠬᠢ ᠶᠢ 0.6042 ᠲᠥᠭᠦᠷᠢᠭ  ᠂ 1 — 10 ᠺᠢᠯᠣᠸᠠᠲ ᠤᠨ ᠬᠢ ᠶᠢ 0.5637 ᠲᠥᠭᠦᠷᠢᠭ᠂ 35 — 110 ᠺᠢᠯᠣᠸᠠᠲ ᠠᠴᠠ ᠳᠤᠷᠤᠭᠰᠢᠬᠢ ᠶᠢ        0.5025 ᠲᠥᠭᠦᠷᠢᠭ ᠪᠣᠯᠭᠠᠪᠠ᠃        2018 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠤᠯᠠᠭᠠᠨᠬᠠᠳᠠ᠂ ᠲᠦᠩᠯᠢᠶᠣᠤ᠂ ᠬᠥᠯᠥᠨ ᠪᠦᠢᠷ᠂ ᠬᠢᠩᠭᠠᠨ ᠤ ᠴᠠᠬᠢᠯᠭᠠᠨ ᠲᠣᠣᠷ ᠲᠠᠬᠢ ᠡᠩ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠭᠠᠷᠴᠠᠭᠲᠤ ᠴᠠᠬᠢᠯᠭᠠᠨ ᠤ ᠦᠨ᠎ᠡ ᠶᠢ ᠺᠢᠯᠣᠸᠠᠲ ᠴᠠᠭ ᠪᠦᠷᠢ 1 ᠺᠢᠯᠣᠸᠠᠲ ᠠᠴᠠ ᠳᠤᠷᠤᠭᠰᠢᠬᠢ ᠶᠢ 0.727 ᠲᠥᠭᠦᠷᠢᠭ᠂ 1 — 10 ᠺᠢᠯᠣᠸᠠᠲ ᠨᠢ 0.716 ᠲᠥᠭᠦᠷᠢᠭ᠂ 35 — 66 ᠺᠢᠯᠣᠸᠠᠲ ᠤᠨ ᠬᠢ ᠶᠢ 0.682 ᠲᠥᠭᠦᠷᠢᠭ ᠪᠣᠯᠭᠠᠪᠠ᠃       ᠡᠭᠦᠨ ᠠᠴᠠ ᠭᠠᠳᠠᠨ᠎ᠠ᠂ ᠰᠢᠭᠤᠳ ᠴᠠᠬᠢᠯᠭᠠᠨ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠤᠢᠭᠡᠢ᠂ ᠴᠠᠬᠢᠯᠭᠠᠨ  ᠳᠠᠮᠵᠢᠭᠤᠯᠤᠨ ᠬᠠᠩᠭᠠᠬᠤ ᠶᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠠᠯᠪᠠᠨ ᠠᠰᠠᠷ ᠡᠵᠡᠩᠨᠡᠭᠴᠢᠳ ᠲᠤ ᠪᠣᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠴᠠᠬᠢᠯᠭᠠᠨ ᠤ ᠦᠨ᠎ᠡ ᠶᠣᠰᠣᠭᠠᠷ ᠲᠦᠷᠢᠶᠡᠰᠦᠯᠡᠭᠰᠡᠨ ᠡᠷᠦᠬᠡ ᠠᠴᠠ ᠴᠠᠬᠢᠯᠭᠠᠨ ᠤ ᠵᠠᠷᠤᠳᠠᠯ ᠬᠤᠷᠢᠶᠠᠵᠤ᠂ ᠬᠠᠮᠢᠶ᠎ᠠ ᠪᠥᠬᠦᠶ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠪᠠ ᠬᠤᠷᠣᠭᠳᠠᠯ ᠢ ᠳᠦᠷᠢᠶᠡᠰᠦᠨ ᠮᠥᠩᠭᠦ᠂ ᠠᠳᠠᠯ ᠠᠬᠤᠶ ᠶᠢᠨ ᠵᠠᠷᠤᠳᠠᠯ᠂ ᠦᠢᠯᠡᠴᠢᠯᠡᠭᠡᠨ ᠤ ᠰᠦᠢᠳᠬᠡᠯ ᠵᠡᠷᠭᠡ ᠶᠢᠨ ᠠᠷᠭ᠎ᠠ ᠢᠶᠠᠷ ᠰᠢᠢᠳᠪᠦᠷᠢᠯᠡᠬᠦ ᠪᠣᠶᠣ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠴᠠᠬᠢᠯᠭᠠᠨ ᠤ ᠦᠨ᠎ᠡ ᠶᠣᠰᠣᠭᠠᠷ ᠴᠠᠬᠢᠯᠭᠠᠨ ᠲᠣᠣᠷ ᠲᠠᠬᠢ ᠠᠵᠤ ᠠᠬᠤᠶᠢᠯᠠᠯ ᠢᠶᠠᠷ ᠴᠠᠬᠢᠯᠭᠠᠨ ᠤ ᠵᠠᠷᠤᠳᠠᠯ ᠲᠤᠰᠢᠶᠠᠯᠭ᠋ᠵᠤ᠂ ᠪᠦᠬᠦ ᠬᠡᠷᠡᠭᠯᠡᠭᠴᠢᠳ ᠲᠤ ᠡᠯ᠎ᠡ ᠬᠤᠪᠢᠶᠠᠷᠢ ᠴᠠᠬᠢᠯᠭᠠᠨ ᠬᠡᠮᠵᠢᠭᠦᠷ ᠢᠶᠠᠷ ᠡᠷᠬᠡ ᠲᠡᠭᠰᠢ ᠨᠣᠭᠳᠠᠭᠤᠯᠵᠤ᠂ ᠴᠠᠬᠢᠯᠭᠠᠨ ᠳᠠᠮᠵᠢᠭᠤᠯᠤᠨ ᠬᠠᠩᠭᠠᠬᠤ ᠨᠢᠭᠡᠴᠢ ᠡᠯ᠎ᠡ ᠦᠵᠦᠭᠦᠷᠯᠢᠭ ᠬᠡᠷᠡᠭᠯᠡᠭᠴᠢ ᠠᠴᠠ ᠬᠤᠷᠢᠶᠠᠬᠤ ᠴᠠᠬᠢᠯᠭᠠᠨ ᠤ ᠵᠠᠷᠤᠳᠠᠯ ᠤᠨ ᠨᠡᠶᠢᠯᠡᠪᠦᠷᠢ ᠶᠢ ᠲᠡᠳᠡᠨ ᠤ ᠴᠠᠬᠢᠯᠭᠠᠨ ᠤ ᠲᠣᠣᠷ ᠲᠠᠬᠢ ᠠᠵᠤ ᠠᠬᠤᠶᠢᠯᠠᠯ ᠎ ᠳᠤ ᠲᠤᠰᠢᠶᠠᠭᠰᠠᠨ ᠴᠠᠬᠢᠯᠭᠠᠨ ᠤ ᠵᠠᠷᠤᠳᠠᠯ ᠠᠴᠠ ᠬᠡᠲᠦᠷᠡᠭᠦᠯᠬᠦ ᠤᠢᠭᠡᠢ ᠪᠣᠯᠭᠠᠵᠠᠢ᠃ ᠴᠠᠬᠢᠯᠭᠠᠨ ᠳᠠᠮᠵᠢᠭᠤᠯᠤᠨ ᠬᠠᠩᠭᠠᠬᠤ ᠨᠢᠭᠡᠴᠢ ᠨᠢ ᠦᠵᠦᠭᠦᠷᠯᠢᠭ ᠬᠡᠷᠡᠭᠯᠡᠭᠴᠢ ᠶᠢᠨ ᠡᠯ᠎ᠡ ᠬᠤᠪᠢᠶᠠᠷᠢ ᠴᠠᠬᠢᠯᠭᠠᠨ ᠬᠡᠮᠵᠢᠭᠦᠷ ᠤᠨ ᠴᠠᠬᠢᠯᠭᠠᠨ ᠤ ᠬᠡᠮᠵᠢᠶ᠎ᠡ ᠶᠢ ᠲᠡᠮᠳᠡᠭᠯᠡᠬᠦ ᠴᠠᠭ᠂ ᠴᠠᠬᠢᠯᠭᠠᠨ ᠤ ᠵᠠᠷᠤᠳᠠᠯ ᠬᠤᠷᠢᠶᠠᠵᠤ ᠠᠪᠬᠤ ᠦᠶᠡᠯᠡᠯ ᠢ ᠶᠡᠷᠦᠩᠬᠡᠶ ᠬᠡᠮᠵᠢᠭᠦᠷ ᠲᠠᠢ ᠨᠢᠭᠡᠳᠦᠯᠲᠡᠶ ᠪᠣᠯᠭᠠᠵᠠᠢ᠃ ᠴᠠᠬᠢᠯᠭᠠᠨ ᠳᠠᠮᠵᠢᠭᠤᠯᠤᠨ ᠬᠠᠩᠭᠠᠬᠤ ᠨᠢᠭᠡᠴᠢ ᠨᠢ ᠪᠦᠬᠦ ᠦᠵᠦᠭᠦᠷᠯᠢᠭ ᠬᠡᠷᠡᠭᠯᠡᠭᠴᠢ ᠳᠤ ᠴᠠᠬᠢᠯᠭᠠᠨ ᠲᠣᠣᠷ ᠤᠨ ᠴᠠᠬᠢᠯᠭᠠᠨ ᠤ ᠵᠠᠷᠤᠳᠠᠯ ᠲᠤᠰᠢᠶᠠᠬᠤ ᠭᠡᠷᠡᠴᠢ ᠪᠠᠷᠢᠮᠲᠠ ᠳᠠᠷᠤᠮᠠᠯᠯᠠᠭᠰᠠᠨ ᠪᠢᠴᠢᠭ ᠮᠠᠲ᠋ᠧᠷᠢᠶᠠᠯ ᠵᠢᠴᠢ ᠠᠳᠠᠯᠢ ᠬᠤᠭᠤᠴᠠᠭᠠᠨ ᠳᠤ ᠦᠵᠦᠭᠦᠷᠯᠢᠭ ᠬᠡᠷᠡᠭᠯᠡᠭᠴᠢᠳ ᠠᠴᠠ ᠵᠠᠷᠤᠳᠠᠯ ᠬᠤᠷᠢᠶᠠᠭᠰᠠᠨ ᠨᠠᠷᠢᠨ ᠳᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠦᠵᠦᠭᠦᠷᠯᠢᠭ ᠬᠡᠷᠡᠭᠯᠡᠭᠴᠢ ᠶᠢᠨ ᠬᠢᠨᠠᠯᠲᠠ ᠶᠢ ᠬᠦᠯᠢᠶᠡᠬᠦ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号