ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ  ᠯᠢ ᠵᠢᠢ ᠾᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2018/10/11
     10 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠠᠢ᠃ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 60 ᠪᠦᠷᠢᠯᠳᠦᠭᠦᠨ ᠲᠠᠢ᠂ ᠲᠤᠰ ᠤᠳᠠᠭᠠᠨ ᠤ ᠬᠤᠷᠠᠯ ᠳᠤ 53 ᠬᠦᠮᠦᠨ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠬᠤᠷᠠᠯ ᠢ ᠡᠷᠬᠢᠯᠠᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠪᠤᠤ ᠭᠠᠨᠭ᠌᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠶᠠᠩ ᠽᠦᠡᠭ ᠷᠧᠨ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠸᠠᠩ ᠪᠦᠸᠧ ᠶᠢᠨ ᠭᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠶᠢᠨ ᠲᠤᠭᠤᠢᠢᠯᠠᠩ ᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠢᠯᠡᠳᠭᠦᠨ ᠤ ᠶᠠᠰᠦ ᠴᠢᠨᠠᠷ ᠤᠨ ᠬᠠᠤᠯᠢ︾ ᠪᠤᠯᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠢᠯᠡᠳᠭᠦᠨ ᠤ ᠶᠠᠰᠦ ᠴᠢᠨᠠᠷ ᠤᠨ ᠬᠢᠨᠠᠯᠳᠠ ᠬᠠᠮᠢᠶᠠᠷᠤᠯᠳᠠ ᠶᠢᠨ ᠲᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠯᠳᠠ ᠬᠢᠭᠰᠡᠨ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠯᠢ ᠷᠦᠡᠭ ᠰᠢ ᠶᠢᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ ᠶᠢᠨ ᠲᠤᠭᠤᠢᠢᠯᠠᠩ ᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾ ᠪᠤᠯᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠎ ᠳᠤ ᠪᠠᠶᠢᠴᠠᠭᠠᠯᠳᠠ ᠭᠢᠭᠰᠡᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠶᠢᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠯᠳᠠ ᠶᠢ ᠠᠬᠢᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠨᠭ᠌ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠥᠷᠨᠢᠭᠦᠯᠦᠭᠰᠡᠨ ᠪᠠ 2017 ᠣᠨ ᠤ ᠤᠷᠴᠢᠨ ᠲᠤᠭᠤᠷᠢᠨ ᠤ ᠪᠠᠶᠢᠳᠠᠯ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠠᠯᠳᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ ᠶᠠᠩ ᠽᠦᠡᠭ ᠷᠧᠨ ᠤ ᠬᠢᠭᠰᠡᠨ ᠪᠦᠭᠦ ᠤᠷᠤᠨ ᠤ ᠰᠢᠭᠦᠭᠦ ᠬᠤᠷᠢᠶ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠬᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠮᠠᠯ ᠠᠵᠦ ᠠᠬᠤᠢ ᠲᠠᠷᠢᠶᠠᠯᠠᠩ ᠤᠨ ᠲᠢᠩᠭᠢᠮ ᠎ ᠤᠨ ᠲᠠᠷᠤᠭ᠎ᠠ ᠰᠦᠨ ᠵᠧᠨ ᠶᠦᠨ ᠤ ᠬᠢᠭᠰᠡᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠎ ᠤ ᠪᠤᠬᠢᠷᠳᠤᠯ ᠦᠭᠡᠢ ᠪᠠᠷ ᠮᠠᠯ ᠠᠵᠦ ᠠᠬᠤᠢ ᠲᠠᠷᠢᠶᠠᠯᠠᠩ ᠢ ᠬᠦᠭᠵᠢᠭᠦᠯᠭᠦ᠂ ᠶᠠᠰᠦ ᠴᠢᠨᠠᠷ ᠢᠶᠠᠷ ᠮᠠᠯ ᠠᠵᠦ ᠠᠬᠤᠢ ᠲᠠᠷᠢᠶᠠᠯᠠᠩ ᠢ ᠮᠠᠨᠳᠤᠭᠤᠯᠬᠤ᠂ ᠲᠦᠷᠦᠯ ᠲᠡᠮᠳᠡᠭ ᠢᠶᠠᠷ ᠮᠠᠯ ᠠᠵᠦ ᠠᠬᠤᠢ ᠲᠠᠷᠢᠶᠠᠯᠠᠩ ᠢ ᠬᠦᠴᠦᠷᠭᠡᠭᠵᠢᠭᠦᠯᠭᠦ ᠠᠵᠢᠯ ᠎ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号