ᠦᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠰᠢᠯᠢ ᠶᠢᠨ ᠭᠤᠣᠯ | ᠠᠶᠢᠮᠠᠭ ᠤᠨ ᠵᠠᠬᠢᠷᠭ᠎ᠠ ︽ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠲᠤᠬᠠᠶ ᠰᠢᠯᠢ ᠶᠢᠨ ᠭᠤᠣᠯ ᠠᠶᠢᠮᠠᠭ ᠤᠨ ᠬᠡᠷᠡᠭᠵᠢᠭᠦᠯᠬᠦ ᠲᠥᠰᠦᠯ ︵2018 — 2020 | ᠣᠨ︶︾ ᠢ ᠨᠡᠶᠢᠲᠡᠯᠡᠪᠡ᠂ ᠡᠨᠡ ᠨᠢ ᠰᠢᠯᠢ ᠶᠢᠨ ᠭᠤᠣᠯ ᠠᠶᠢᠮᠠᠭ ᠤᠨ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ᠣᠳᠣᠬᠠᠨ ᠪᠣᠯᠲᠠᠯ᠎ᠠ᠂ ᠰᠢᠯᠢ ᠶᠢᠨ ᠭᠤᠣᠯ ᠠᠶᠢᠮᠠᠭ ᠳᠤ 734 ᠭᠠᠴᠠᠭ᠎ᠠ ᠲᠣᠰᠬᠤᠨ ᠡᠳ᠋ ᠬᠥᠷᠥᠩᠭᠡ ᠶᠢ | ᠪᠦᠷᠢᠳᠬᠡᠨ ᠬᠠᠷᠭᠤᠭᠤᠯᠬᠤ ᠠᠵᠢᠯ ᠥᠷᠨᠢᠭᠦᠯᠪᠡ᠃ ᠤᠯᠤᠰ ᠤᠨ ᠲᠤᠷᠰᠢᠯᠲᠠ ᠶᠢᠨ ᠴᠡᠭ ᠪᠣᠯᠬᠤ ᠰᠥᠨᠢᠳ ᠵᠡᠭᠦᠨ | ᠬᠤᠰᠢᠭᠤ ᠨᠢ 45 ᠭᠠᠴᠠᠭᠠᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠵᠦ᠂ 30 | ᠭᠠᠴᠠᠭ᠎ᠠ ᠶᠢᠨ ᠪᠦᠷᠢᠯᠳᠦᠬᠦᠨ ᠤ ᠬᠢᠷᠢ ᠬᠡᠮ ᠢ ᠨᠤᠲᠠᠯᠠᠬᠤ ᠠᠵᠢᠯ ᠢ ᠪᠡᠶᠡᠯᠡᠭᠦᠯᠵᠦ᠂ 8 ᠭᠠᠴᠠᠭ᠎ᠠ ᠨᠢ ᠬᠤᠪᠢ | ᠣᠷᠤᠭᠤᠯᠤᠯᠲᠠ ᠶᠢᠨ ᠠᠵᠤ ᠠᠬᠤᠶ ᠶᠢᠨ ᠬᠤᠷᠰᠢᠶᠠᠵᠢᠯ ᠪᠠᠶᠢᠭᠤᠯᠪᠠ᠃ | ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ | ᠳᠤᠯᠤᠨ ᠨᠤᠤᠷ ᠰᠢᠶᠠᠨ᠂ ᠰᠢᠯᠢᠩᠬᠤᠲᠠ ᠵᠡᠷᠭᠡ 5 ᠬᠤᠰᠢᠭᠤ ᠰᠢᠶᠠᠨ ᠨᠢ ᠲᠤᠷᠰᠢᠯᠲᠠ ᠶᠢᠨ ᠴᠡᠭ ᠤᠨ ᠠᠵᠢᠯ ᠢ | ᠲᠥᠯᠬᠢᠨ ᠠᠬᠢᠭᠤᠯᠵᠦ᠂ 271 ᠭᠠᠴᠠᠭ᠎ᠠ ᠲᠣᠰᠬᠤᠨ ᠳᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ | ᠥᠷᠨᠢᠭᠦᠯᠦᠨ᠂ 112 ᠭᠠᠴᠠᠭ᠎ᠠ ᠲᠣᠰᠬᠤᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ | ᠪᠡᠶᠡᠯᠡᠭᠦᠯᠵᠦ᠂ 41.3% ᠶᠢ ᠪᠡᠶᠡᠯᠡᠭᠦᠯᠪᠡ︔ 24 ᠭᠠᠴᠠᠭ᠎ᠠ ᠲᠤᠰᠬᠤᠨ ᠤ ᠪᠦᠷᠢᠯᠳᠦᠬᠦᠨ ᠤ ᠬᠢᠷᠢ ᠬᠡᠮ ᠢ | ᠨᠤᠲᠠᠯᠠᠬᠤ ᠠᠵᠢᠯ ᠢ ᠪᠡᠶᠡᠯᠡᠭᠦᠯᠦᠨ᠂ 3 ᠭᠠᠴᠠᠭ᠎ᠠ ᠲᠣᠰᠬᠤᠨ ᠨᠢ ᠰᠲ᠋ᠣᠺ ᠤᠨ ᠡᠷᠬᠡ ᠶᠢᠨ ᠪᠠᠶᠢᠷᠢᠯᠠᠭᠤᠯᠤᠯᠲᠠ ᠶᠢ | ᠪᠡᠶᠡᠯᠡᠭᠦᠯᠵᠦ᠂ 1 ᠲᠣᠰᠬᠤᠨ ᠨᠢ ᠬᠤᠪᠢ ᠣᠷᠤᠭᠤᠯᠤᠯᠲᠠ ᠶᠢᠨ ᠠᠵᠤ ᠠᠬᠤᠶ ᠶᠢᠨ ᠬᠤᠷᠰᠢᠶᠠᠵᠢᠯ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ᠤᠨ 6 ᠭᠠᠴᠠᠭ᠎ᠠ ᠲᠣᠰᠬᠤᠨ ᠨᠢ ᠡᠳ᠋ | ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢᠶᠠᠨ ᠪᠦᠷ ᠪᠡᠶᠡᠯᠡᠭᠦᠯᠵᠦ᠂ 5 ᠭᠠᠴᠠᠭ᠎ᠠ ᠲᠤᠰᠬᠤᠨ ᠨᠢ | ᠪᠦᠷᠢᠯᠳᠦᠬᠦᠨ ᠤ ᠬᠢᠷᠢ ᠬᠡᠮ ᠢ ᠨᠤᠲᠠᠯᠠᠬᠤ ᠠᠵᠢᠯ ᠢ ᠪᠡᠶᠡᠯᠡᠭᠦᠯᠦᠨ᠂ 3 ᠭᠠᠴᠠᠭ᠎ᠠ ᠲᠣᠰᠬᠤᠨ ᠨᠢ ᠰᠲ᠋ᠣᠺ ᠤᠨ | ᠡᠷᠬᠡ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠵᠦ᠂ 1 ᠲᠣᠰᠬᠤᠨ ᠨᠢ ᠬᠤᠪᠢ ᠣᠷᠤᠭᠤᠯᠤᠭᠰᠠᠨ ᠠᠵᠤ ᠠᠬᠤᠶ ᠶᠢᠨ | ᠬᠤᠷᠰᠢᠶᠠᠵᠢᠯ ᠪᠠᠶᠢᠭᠤᠯᠪᠠ᠃ | ᠳᠠᠷᠠᠭᠠᠴᠢ ᠶᠢᠨ ᠠᠯᠬᠤᠮ ᠳᠤ᠂ ᠴᠠᠭ ᠬᠤᠭᠤᠴᠠᠭ᠎ᠠ ᠪᠠᠨ ᠲᠣᠳᠣᠷᠬᠠᠶᠢᠯᠠᠨ᠂ ᠬᠠᠷᠠᠯᠲᠠ ᠡᠭᠦᠷᠭᠡ ᠪᠠᠨ | ᠴᠢᠩᠭ᠎ᠠ ᠠᠳᠬᠤᠵᠤ᠂ ᠴᠠᠭ ᠤᠨ ᠳᠠᠷᠠᠭᠠᠯᠠᠯ ᠤᠨ ᠠᠬᠢᠴᠠ ᠶᠢ ᠲᠣᠩᠭᠤᠷᠤᠤ ᠵᠢᠭᠰᠠᠭᠠᠨ᠂ ᠬᠠᠷᠠᠯᠲᠠ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠣᠯᠣᠨ᠎ᠠ᠃ ︽ᠬᠠᠷᠢᠶᠠᠯᠠᠯ ᠲᠣᠳᠣᠷᠬᠠᠢ᠂ | ᠡᠷᠬᠡ ᠴᠢᠳᠠᠮᠵᠢ ᠪᠦᠷᠢᠨ᠂ ᠡᠷᠭᠢᠯᠲᠡ ᠰᠢᠯᠤᠭᠤᠨ᠂ ᠬᠠᠮᠠᠭᠠᠯᠠᠯᠲᠠ ᠴᠢᠩᠭ᠎ᠠ ᠪᠠᠶᠢᠬᠤ︾ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠦᠨᠡᠨ ᠬᠦ ᠠᠬᠢᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ | ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ | ᠴᠢᠨᠠᠷᠲᠠᠶ ᠣᠷᠣᠯᠭ᠎ᠠ ᠶᠢᠨ ᠯᠠᠪᠳᠠᠭᠤᠨ ᠨᠡᠮᠡᠭᠳᠡᠯ ᠢ ᠲᠠᠰᠤᠷᠠᠯᠳᠡ ᠦᠭᠡᠢ ᠠᠬᠢᠭᠤᠯᠬᠤ ᠪᠣᠯᠣᠨ᠎ᠠ᠃ |