ᠥᠪᠥᠷ ᠮᠣᠩᠭᠤᠯ ᠪᠠᠴᠢᠮ ᠪᠡᠷᠬᠡ ᠮᠠᠶ᠋ᠢᠭ ᠤᠨ ᠲᠦᠷ ᠴᠠᠭ ᠤᠨ ᠠᠪᠤᠷᠠᠨ ᠲᠤᠰᠠᠯᠠᠭᠤᠯᠤᠭᠴᠢᠳ ᠲᠤ ︽ᠤᠷᠢᠳᠠᠪᠠᠷ ᠠᠪᠤᠷᠠᠨ ᠲᠤᠰᠠᠯᠠᠬᠤ︾ ᠠᠵᠢᠯᠯᠠᠭᠠᠨ ᠬᠡᠷᠡᠭᠵᠢᠭᠦᠯᠵᠦ ᠪᠣᠢ
ᠨᠡᠶᠢᠲᠡᠯᠡᠭᠰᠡᠨ ᠴᠠᠭ᠄
2018/10/12
     ᠲᠦᠷ ᠴᠠᠭ ᠤᠨ ᠠᠪᠤᠷᠠᠨ ᠲᠤᠰᠠᠯᠠᠯᠲᠠ ᠪᠣᠯ ᠬᠦᠴᠢᠷᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠰᠠᠭᠤᠷᠢᠯᠠᠬᠤ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠪᠣᠯᠤᠨ᠎ᠠ᠃ ᠣᠷᠴᠢᠮᠬᠠᠨ᠂ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠡᠨᠡᠳᠲᠡ ᠶᠢᠨ ᠴᠢᠨᠠᠷᠲᠠᠶ᠂ ᠪᠠᠴᠢᠮ ᠲᠤᠯᠭᠠᠮ᠎ᠠ ᠴᠢᠨᠠᠷᠲᠠᠢ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃      ︽ᠰᠠᠨᠠᠯ︾᠎ ᠳᠤ ᠲᠣᠳᠣᠷᠬᠠᠶᠢᠯᠠᠭᠰᠠᠨ ᠨᠢ᠂ ᠲᠦᠷ ᠴᠠᠭ ᠤᠨ ᠠᠪᠤᠷᠠᠨ ᠲᠤᠰᠠᠯᠠᠭᠤᠯᠤᠭᠴᠢᠳ ᠢ ᠪᠠᠴᠢᠮ ᠪᠡᠷᠬᠡ ᠮᠠᠶ᠋ᠢᠭ ᠤᠨ ᠠᠪᠤᠷᠠᠨ ᠲᠤᠰᠠᠯᠠᠭᠤᠯᠤᠭᠴᠢᠳ ᠪᠣᠯᠣᠨ ᠵᠠᠷᠤᠯᠭ᠎ᠠ ᠶᠢᠨ ᠮᠠᠶ᠋ᠢᠭ ᠤᠨ ᠠᠪᠤᠷᠠᠨ ᠲᠤᠰᠠᠯᠠᠭᠤᠯᠤᠭᠴᠢᠳ ᠬᠡᠮᠡᠨ ᠬᠤᠶᠠᠷ ᠬᠤᠪᠢᠶᠠᠨ᠎ᠠ᠃ ᠪᠠᠴᠢᠮ ᠪᠡᠷᠬᠡ ᠮᠠᠶ᠋ᠢᠭ ᠤᠨ ᠠᠪᠤᠷᠠᠨ ᠲᠤᠰᠠᠯᠠᠭᠤᠯᠤᠭᠴᠢᠳ ᠭᠡᠳᠡᠭ ᠨᠢ ᠭᠤᠣᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠭᠡᠨᠡᠳᠲᠡ ᠶᠢᠨ ᠬᠡᠷᠡᠭ᠂ ᠭᠡᠷ ᠪᠦᠯᠢ ᠶᠢᠨ ᠪᠦᠷᠢᠯᠳᠦᠬᠦᠨ ᠤ ᠭᠡᠨᠡᠳᠲᠡ ᠡᠭᠦᠰᠦᠭᠰᠡᠨ ᠬᠦᠨᠳᠦ ᠶᠡᠭᠡ ᠡᠪᠡᠳᠴᠢᠨ ᠵᠢᠴᠢ ᠪᠤᠰᠤᠳ ᠣᠨᠴᠠᠭᠠᠢ ᠬᠦᠴᠢᠷᠳᠡᠯ ᠵᠡᠷᠭᠡ ᠰᠢᠯᠲᠠᠭᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠠᠳ᠂ ᠲᠡᠷᠡ ᠳᠠᠷᠤᠶ ᠳᠤ ᠨᠢ ᠠᠪᠤᠷᠠᠨ ᠲᠤᠰᠠᠯᠠᠭᠤᠯᠬᠤ ᠴᠢᠬᠤᠯᠠᠲᠠᠶ ᠭᠡᠷ ᠪᠦᠯᠢ ᠪᠣᠯᠣᠨ ᠬᠤᠪᠢ ᠬᠥᠮᠦᠨ ᠢ ᠵᠢᠭᠠᠵᠤ ᠪᠠᠶᠢᠨ᠎ᠠ᠃ ᠪᠠᠴᠢᠮ ᠪᠡᠷᠬᠡ ᠮᠠᠶ᠋ᠢᠭ ᠤᠨ ᠲᠦᠷ ᠴᠠᠭ ᠤᠨ ᠠᠪᠤᠷᠠᠨ ᠲᠤᠰᠠᠯᠠᠭᠤᠯᠤᠭᠴᠢᠳ ᠎ ᠲᠤ ᠪᠣᠯ᠂ ᠠᠪᠤᠷᠠᠨ ᠲᠤᠰᠠᠯᠠᠬᠤ ᠴᠠᠭ ᠲᠤᠬᠠᠶᠢᠴᠢ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠢᠨᠠᠨ ᠬᠠᠷᠭᠤᠭᠤᠯᠵᠦ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠨ᠂ ︽ᠤᠷᠢᠳᠠᠪᠠᠷ ᠠᠪᠤᠷᠠᠨ ᠲᠤᠰᠠᠯᠠᠬᠤ︾᠎ ᠶᠢ ᠢᠳᠡᠪᠬᠢᠲᠡᠶ ᠥᠷᠨᠢᠭᠦᠯᠦᠨ᠎ᠡ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠪᠤᠷᠠᠨ ᠲᠤᠰᠠᠯᠠᠭᠤᠯᠤᠭᠴᠢᠳ ᠤᠨ ᠪᠠᠴᠢᠮ ᠬᠦᠴᠢᠷ ᠪᠠᠶᠢᠳᠠᠯ ᠢ ᠦᠨᠳᠦᠰᠦᠯᠡᠨ᠂ ᠭᠤᠶᠤᠴᠢᠯᠠᠭᠴᠢ ᠶᠢᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠬᠠᠷᠭᠤᠭᠤᠯᠬᠤ᠂ ᠠᠷᠠᠳᠴᠢᠯᠠᠯ ᠢᠶᠠᠷ ᠦᠨᠡᠯᠡᠬᠦ ᠪᠠ ᠢᠯᠡ ᠨᠡᠶᠢᠲᠡᠯᠡᠬᠦ ᠵᠡᠷᠭᠡ ᠭᠤᠭᠴᠠᠭ᠎ᠠ ᠪᠠᠨ ᠳᠥᠭᠦᠮᠴᠢᠯᠡᠨ᠂ ᠤᠷᠢᠳᠠᠪᠠᠷ ᠰᠢᠭᠤᠳ ᠠᠪᠤᠷᠠᠨ ᠲᠤᠰᠠᠯᠠᠬᠤ ᠪᠦᠭᠡᠳ ᠪᠠᠴᠢᠮ ᠪᠠᠶᠢᠳᠠᠯ ᠨᠠᠮᠳᠠᠭᠰᠠᠨ ᠤ ᠳᠠᠷᠠᠭ᠎ᠠ᠂ ᠠᠪᠤᠷᠠᠨ ᠲᠤᠰᠠᠯᠠᠭᠤᠯᠤᠭᠴᠢᠳ ᠤᠨ ᠨᠡᠷ᠎ᠡ᠂ ᠠᠪᠤᠷᠠᠨ ᠲᠤᠰᠠᠯᠠᠭᠤᠯᠬᠤ ᠤᠴᠢᠷ ᠰᠢᠯᠲᠠᠭᠠᠨ᠂ ᠠᠪᠤᠷᠠᠨ ᠲᠤᠰᠠᠯᠠᠭᠤᠯᠤᠭᠰᠠᠨ ᠵᠣᠭᠤᠰ ᠮᠥᠩᠭᠦ ᠵᠡᠷᠭᠡ ᠮᠡᠳᠡᠭᠡ ᠵᠠᠩᠭᠢ ᠶᠢ ᠨᠢ ᠳᠠᠩᠰᠠᠯᠠᠵᠤ᠂ ᠭᠠᠷᠳᠠᠨ ᠭᠦᠢᠴᠡᠳᠬᠡᠭᠴᠢ ᠪᠠᠷ ᠨᠢ ᠭᠠᠷ ᠤᠨ ᠦᠰᠦᠭ ᠵᠢᠷᠤᠭᠤᠯᠵᠤ᠂ ᠲᠠᠮᠠᠭ᠎ᠠ ᠳᠠᠷᠤᠭᠤᠯᠬᠤ ᠬᠡᠷᠡᠭᠲᠡᠢ ᠭᠡᠵᠡᠢ᠃      ︽ᠰᠠᠨᠠᠯ︾᠎ ᠳᠤ ᠡᠯ᠎ᠡ ᠭᠠᠵᠠᠷ ᠣᠷᠣᠨ ᠨᠤᠭᠤᠳ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠢᠶᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠲᠠᠢ ᠬᠤᠯᠪᠣᠭᠳᠠᠭᠤᠯᠵᠦ᠂ ᠠᠪᠤᠷᠠᠨ ᠲᠤᠰᠠᠯᠠᠭᠤᠯᠤᠭᠴᠢᠳ ᠤᠨ ᠭᠡᠷ ᠪᠦᠯᠢ ᠶᠢᠨ ᠬᠥᠮᠦᠨ ᠠᠮᠠ᠂ ᠬᠦᠴᠢᠷᠳᠡᠯ ᠲᠠᠢ ᠲᠦᠷᠦᠯ ᠢᠯᠭᠠᠯ᠂ ᠬᠦᠴᠢᠷ ᠤᠨ ᠬᠡᠮᠵᠢᠶ᠎ᠡ ᠪᠣᠯᠣᠨ ᠬᠦᠴᠢᠷᠳᠡᠯ ᠤᠨ ᠥᠷᠭᠦᠯᠵᠢᠯᠡᠬᠦ ᠴᠠᠭ ᠬᠤᠭᠤᠴᠠᠭ᠎ᠠ ᠵᠡᠷᠭᠡ ᠬᠦᠴᠦᠨ ᠵᠦᠢᠯ ᠢ ᠨᠢ ᠦᠨᠳᠦᠰᠦᠯᠡᠨ᠂ ᠠᠪᠤᠷᠠᠨ ᠲᠤᠰᠠᠯᠠᠬᠤ ᠪᠠᠷᠢᠮᠵᠢᠶ᠎ᠠ ᠪᠠᠨ ᠲᠥᠷᠥᠯ ᠬᠤᠪᠢᠶᠠᠨ ᠨᠠᠷᠢᠯᠢᠭᠵᠢᠭᠤᠯᠬᠤ ᠬᠡᠷᠡᠭᠲᠡᠢ᠃ ᠠᠪᠤᠷᠠᠨ ᠲᠤᠰᠠᠯᠠᠭᠤᠯᠤᠭᠴᠢᠳ ᠤᠨ ᠠᠳᠠᠯᠢ ᠪᠤᠰᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠠᠪᠤᠷᠠᠨ ᠲᠤᠰᠠᠯᠠᠬᠤ ᠲᠦᠷᠦᠯ ᠢᠯᠭᠠᠯ ᠢᠶᠠᠨ ᠲᠣᠭᠲᠠᠭᠠᠬᠤ ᠬᠡᠷᠡᠭᠲᠡᠢ︔ ᠠᠳᠠᠯᠢ ᠲᠥᠷᠥᠯ ᠤᠨ ᠠᠪᠤᠷᠠᠨ ᠲᠤᠰᠠᠯᠠᠭᠤᠯᠤᠭᠴᠢᠳ ᠤᠨ ᠠᠳᠠᠯᠢ ᠪᠤᠰᠤ ᠬᠡᠮᠵᠢᠶᠡᠨ ᠤ ᠬᠦᠴᠢᠷ ᠪᠡᠷᠬᠡᠰᠢᠶᠡᠯ ᠢ ᠨᠢ ᠦᠨᠳᠦᠰᠦᠯᠡᠨ᠂ ᠠᠪᠤᠷᠠᠨ ᠲᠤᠰᠠᠯᠠᠬᠤ ᠳᠡᠰ ᠲᠣᠭᠲᠠᠭᠠᠵᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃ ︽ᠰᠠᠨᠠᠯ︾᠎ ᠳᠤ ᠡᠯ᠎ᠡ ᠭᠠᠵᠠᠷ ᠣᠷᠣᠨ ᠨᠤᠭᠤᠳ ᠲᠦᠷ ᠴᠠᠭ ᠤᠨ ᠠᠪᠤᠷᠠᠨ ᠲᠤᠰᠠᠯᠠᠭᠤᠯᠤᠭᠴᠢᠳ ᠪᠣᠯᠣᠨ ᠲᠦᠷᠦᠯ ᠢᠯᠭᠠᠯ ᠢ ᠨᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠬᠢᠨᠠᠨ ᠬᠠᠷᠭᠤᠭᠤᠯᠵᠦ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢᠶᠠᠨ ᠰᠢᠯᠢᠳᠡᠭᠵᠢᠭᠦᠯᠵᠦ᠂ ᠠᠪᠤᠷᠠᠨ ᠲᠤᠰᠠᠯᠠᠬᠤ ᠪᠠᠷᠢᠮᠵᠢᠶ᠎ᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠪᠤᠷᠠᠨ ᠲᠤᠰᠠᠯᠠᠬᠤ ᠬᠡᠯᠪᠡᠷᠢ ᠪᠠᠨ ᠥᠷᠭᠡᠳᠬᠡᠨ ᠪᠦᠷᠢᠨᠰᠢᠭᠦᠯᠵᠦ᠂  ᠴᠠᠭ ᠲᠤᠬᠠᠢ ᠳᠤ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨᠴᠢ ᠪᠠᠷᠢᠮᠵᠢᠶ᠎ᠠ ᠲᠠᠢ᠂ ᠤᠯᠠᠨ ᠶᠠᠩᠵᠤᠴᠢᠯᠠᠭᠰᠠᠨ ᠠᠷᠭ᠎ᠠ ᠬᠡᠯᠪᠡᠷᠢ ᠲᠠᠢ᠂ ᠵᠢᠷᠤᠮᠵᠢᠭᠰᠠᠨ ᠬᠠᠮᠢᠶᠠᠷᠤᠯᠲᠠ ᠎ ᠲᠠᠢ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠲᠦᠷᠭᠡᠪᠴᠢᠯᠡᠨ ᠪᠣᠢ ᠪᠣᠯᠭᠠᠵᠤ᠂ ᠠᠷᠠᠳ ᠤᠯᠠᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号