ᠲᠥᠷᠥᠭᠦᠦ 9 ᠰᠠᠷ᠎ᠠ ᠳᠤ ᠥᠪᠥᠷ ᠮᠣᠩᠭᠤᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠡᠭᠦᠰᠦᠭᠰᠡᠨ ᠤᠳᠠᠭ᠎ᠠ ᠪᠣᠯᠤᠨ ᠠᠳᠡᠭᠰᠡᠳ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠦᠷ ᠪᠠᠭᠤᠷᠠᠪᠠ
ᠨᠡᠶᠢᠲᠡᠯᠡᠭᠰᠡᠨ ᠴᠠᠭ᠄
2018/10/12
     ᠡᠨᠡ ᠵᠢᠯ ᠤᠨ 1 — 9 ᠳ᠋ᠦ᠋ᠭᠡᠷ ᠰᠠᠷ᠎ᠠ ᠳᠤ᠂ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠨᠡᠶᠢᠲᠡ 433 ᠤᠳᠠᠭ᠎ᠠ ᠭᠠᠷᠴᠤ᠂ 426 ᠬᠦᠮᠦᠨ ᠠᠳᠡᠵᠦ᠂ ᠠᠳᠠᠯᠢ ᠬᠤᠭᠤᠴᠠᠭᠠᠨ ᠤ ᠬᠢ ᠠᠴᠠ 183 ᠤᠳᠠᠭ᠎ᠠ ᠬᠠᠰᠤᠭᠳᠠᠨ᠂ 29.23%᠎ ᠪᠠᠷ ᠪᠠᠭᠤᠷᠠᠵᠤ᠂ ᠠᠳᠡᠭᠰᠡᠨ ᠬᠦᠮᠦᠨ ᠤ ᠲᠤᠭ᠎ᠠ 117 ᠬᠠᠰᠤᠭᠳᠠᠵᠤ᠂ 21.55%᠎ ᠪᠠᠷ ᠪᠠᠭᠤᠷᠠᠪᠠ᠃ ᠨᠢᠭᠡ ᠤᠳᠠᠭ᠎ᠠ ᠳᠤ 3 ~9 ᠬᠥᠮᠦᠨ ᠠᠳᠡᠭᠰᠡᠨ ᠨᠡᠯᠢᠶᠡᠳ ᠶᠡᠭᠡ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ 10 ᠤᠳᠠᠭ᠎ᠠ ᠭᠠᠷᠴᠤ᠂ 43 ᠬᠥᠮᠦᠨ ᠠᠳᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠠᠳᠡᠯ ᠭᠠᠷᠤᠭᠰᠠᠨ ᠤᠳᠠᠭ᠎ᠠ᠂ ᠠᠳᠡᠭᠰᠡᠨ ᠬᠥᠮᠦᠨ ᠤ ᠲᠤᠭ᠎ᠠ ᠨᠢ ᠲᠤᠰ ᠲᠤᠰ 33.33% ᠪᠠ 18.87%᠎ ᠪᠠᠷ ᠪᠠᠭᠤᠷᠠᠪᠠ᠃ ᠨᠢᠭᠡ ᠤᠳᠠᠭ᠎ᠠ ᠳᠤ 10 ᠬᠦᠮᠦᠨ ᠠᠴᠠ ᠳᠡᠭᠡᠭᠰᠢ ᠠᠳᠡᠭᠰᠡᠨ ᠬᠦᠨᠳᠦ ᠨᠣᠴᠢᠲᠠᠢ ᠣᠨᠴᠠ ᠶᠡᠭᠡ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠭᠠᠷᠤᠭᠰᠠᠨ ᠦᠭᠡᠢ᠂ ᠠᠳᠠᠯᠢ ᠬᠤᠭᠤᠴᠠᠭᠠᠨ ᠤ ᠬᠢ ᠠᠴᠠ 1 ᠤᠳᠠᠭ᠎ᠠ ᠬᠠᠰᠤᠭᠳᠠᠵᠤ᠂ ᠠᠳᠡᠭᠰᠡᠳ ᠤᠨ ᠲᠤᠭ᠎ᠠ 12 ᠬᠠᠰᠤᠭᠳᠠᠪᠠ᠃      ᠲᠠᠨᠢᠯᠴᠠᠭᠤᠯᠤᠭᠰᠠᠨ ᠢᠶᠠᠷ᠂ ᠡᠨᠡ ᠵᠢᠯ ᠤᠨ 1 — 9 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠬᠦᠷᠢᠶᠡᠨ ᠳᠤ 152 ᠤᠳᠠᠭ᠎ᠠ ᠠᠳᠡᠯ ᠭᠠᠷᠴᠤ᠂ 172 ᠬᠥᠮᠦᠨ ᠠᠳᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠠᠳᠡᠯ ᠭᠠᠷᠤᠭᠰᠠᠨ ᠤᠳᠠᠭ᠎ᠠ᠂ ᠠᠳᠡᠭᠰᠡᠨ ᠬᠥᠮᠦᠨ ᠤ ᠲᠤᠭ᠎ᠠ ᠨᠢ ᠲᠤᠰ ᠲᠤᠰ 8.43% ᠪᠠ 12.24%᠎ ᠪᠠᠷ ᠪᠠᠭᠤᠷᠠᠵᠤ︔ ᠵᠠᠮ ᠲᠡᠭᠡᠭᠡᠪᠦᠷᠢ ᠶᠢᠨ ᠬᠦᠷᠢᠶᠡᠨ ᠳᠤ 277 ᠤᠳᠠᠭ᠎ᠠ ᠠᠳᠡᠯ ᠭᠠᠷᠴᠤ᠂ 241 ᠬᠥᠮᠦᠨ ᠠᠳᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠠᠳᠡᠯ ᠭᠠᠷᠤᠭᠰᠠᠨ ᠤᠳᠠᠭ᠎ᠠ᠂ ᠠᠳᠡᠭᠰᠡᠨ ᠬᠥᠮᠦᠨ ᠤ ᠲᠤᠭ᠎ᠠ ᠨᠢ ᠲᠤᠰ ᠲᠤᠰ 36.47% ᠪᠠ 26.52%᠎ ᠪᠠᠷ ᠪᠠᠭᠤᠷᠠᠪᠠ︔ ᠲᠡᠮᠦᠷ ᠵᠠᠮ ᠤᠨ ᠲᠡᠭᠡᠭᠡᠪᠦᠷᠢ ᠶᠢᠨ ᠠᠵᠢᠯ ᠲᠦᠷᠦᠯ ᠤᠨ ᠬᠦᠷᠢᠶᠡᠨ ᠳᠤ 11 ᠤᠳᠠᠭ᠎ᠠ ᠠᠳᠡᠯ ᠭᠠᠷᠴᠤ᠂10 ᠬᠥᠮᠦᠨ ᠠᠳᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠠᠳᠡᠯ ᠭᠠᠷᠤᠭᠰᠠᠨ ᠤᠳᠠᠭ᠎ᠠ᠂ ᠠᠳᠡᠭᠰᠡᠨ ᠬᠥᠮᠦᠨ ᠤ ᠲᠤᠭ᠎ᠠ ᠨᠢ ᠲᠤᠰ ᠲᠤᠰ 42.11% ᠪᠠ 33.33%᠎ ᠪᠠᠷ ᠪᠠᠭᠤᠷᠠᠪᠠ︔ ᠬᠥᠳᠡᠭᠡ ᠠᠵᠤ ᠠᠬᠤᠶ ᠮᠧᠬᠠᠨᠢᠭ ᠤᠨ ᠬᠦᠷᠢᠶᠡᠨ ᠳᠤ 3 ᠤᠳᠠᠭ᠎ᠠ ᠠᠳᠡᠯ ᠭᠠᠷᠴᠤ᠂ 3 ᠬᠥᠮᠦᠨ ᠠᠳᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠠᠳᠡᠯ ᠭᠠᠷᠤᠭᠰᠠᠨ ᠤᠳᠠᠭ᠎ᠠ ᠨᠢ 25%᠎ ᠪᠠᠷ ᠪᠠᠭᠤᠷᠠᠵᠤ᠂ ᠠᠳᠡᠭᠰᠡᠨ ᠬᠥᠮᠦᠨ ᠤ ᠲᠤᠭ᠎ᠠ ᠨᠢ 50%᠎ ᠪᠠᠷ ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号