ᠥᠪᠥᠷ ᠮᠣᠩᠭᠤᠯ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ 2514 ᠬᠡᠷᠡᠭ ᠢ ᠬᠡᠷᠡᠭ ᠪᠤᠯᠭᠠᠨ ᠳᠠᠩᠰᠠᠯᠠᠪᠠ
ᠨᠡᠶᠢᠲᠡᠯᠡᠭᠰᠡᠨ ᠴᠠᠭ᠄
2018/10/12
     ᠡᠨᠡ ᠵᠢᠯ ᠠᠴᠠ ᠨᠠᠭᠠᠰᠢ᠂ ᠮᠠᠨ ᠤ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠰᠦᠪᠡᠭᠴᠢ ᠶᠢ ᠨᠡᠶᠢᠲᠡ 4039 ᠬᠤᠪᠢ ᠤᠯᠵᠤ᠂ 2514᠎ ᠶᠢ ᠬᠡᠷᠡᠭ ᠪᠣᠯᠭᠠᠨ ᠳᠠᠩᠰᠠᠯᠠᠵᠤ᠂ 2123 ᠬᠡᠷᠡᠭ ᠲᠤ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠵᠠᠢ᠃ 2015 ᠣᠨ ᠳᠤ᠂ ᠮᠠᠨ ᠤ ᠤᠷᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠷᠰᠢᠯᠲᠠ ᠶᠢᠨ ᠮᠤᠵᠢ ᠣᠷᠣᠨ ᠤ ᠨᠢᠭᠡ ᠪᠠᠷ ᠲᠤᠭᠲᠠᠭᠠᠭᠳᠠᠪᠠ᠃ 3 ᠵᠢᠯ ᠤᠨ ᠲᠤᠷᠰᠢ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠲᠡ ᠶᠢᠨ ᠠᠰᠠᠷᠠᠮᠵᠢ ᠶᠢᠨ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠪᠠᠷ ᠭᠤᠣᠯᠳᠠᠯᠭ᠎ᠠ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠦᠲᠦᠮᠵᠢᠲᠡᠶ ᠦᠷᠨᠢᠯᠲᠡ ᠶᠢ ᠢᠳᠡᠪᠬᠢᠲᠡᠶ ᠲᠦᠯᠬᠢᠨ ᠠᠬᠢᠭᠤᠯᠪᠠ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠠᠮᠢ ᠠᠬᠤᠶ ᠣᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ 2136 ᠬᠤᠪᠢ ᠭᠦᠢᠴᠡᠳᠬᠡᠵᠦ᠂ ᠪᠣᠬᠢᠷᠲᠤᠭᠰᠠᠨ ᠲᠠᠷᠢᠶᠠᠨ ᠭᠠᠵᠠᠷ᠂ ᠤᠢ᠂  ᠨᠤᠭᠤ ᠭᠠᠵᠠᠷ᠂ ᠨᠤᠲᠤᠭ ᠪᠡᠯᠴᠢᠭᠡᠷ ᠢ 9606 ᠮᠦ ᠰᠢᠮᠳᠠᠭᠤᠯᠤᠨ ᠰᠡᠷᠭᠦᠭᠡᠵᠡᠢ︔ ᠪᠣᠬᠢᠷᠲᠤᠭᠰᠠᠨ ᠤᠰᠤᠨ ᠤ ᠡᠬᠢ ᠰᠤᠷᠪᠤᠯᠵᠢ ᠶᠢᠨ ᠲᠠᠯᠠᠪᠠᠢ ᠶᠢ 57 ᠲᠦᠮᠡᠨ ᠮᠦ ᠰᠢᠮᠳᠠᠭᠤᠯᠤᠨ ᠵᠠᠰᠠᠵᠤ ᠰᠡᠷᠭᠦᠭᠡᠵᠦ᠂ ᠬᠠᠤᠯᠢ ᠠᠴᠠ ᠵᠥᠷᠢᠴᠡᠭᠰᠡᠨ 99 ᠡᠷᠦᠬᠡ ᠠᠵᠤ ᠠᠬᠤᠶᠢᠯᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶ ᠶᠢᠨ ᠰᠢᠭᠤᠳ ᠬᠤᠬᠢᠷᠠᠯ ᠢ 5.05 ᠳ᠋ᠦᠩᠰᠢᠭᠤᠷ ᠭᠠᠷᠤᠶ ᠲᠥᠭᠦᠷᠢᠭ ᠡᠭᠡᠭᠦᠯᠦᠨ ᠠᠪᠴᠢᠷᠠᠪᠠ᠃ ᠡᠭᠦᠨ ᠤ ᠬᠠᠮᠲᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠲᠤᠰᠬᠠᠶ ᠪᠠᠶᠢᠭᠤᠯᠤᠮᠵᠢ ᠪᠠᠶᠢᠭᠤᠯᠬᠤ ᠶᠢ ᠢᠳᠡᠪᠬᠢᠲᠡᠶ ᠰᠦᠪᠡᠭᠴᠢᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠦᠬᠦ ᠤᠯᠤᠰ ᠲᠤ ᠬᠠᠮᠤᠭ ᠤᠨ ᠲᠦᠷᠦᠭᠦᠨ ᠳᠤ ᠬᠤᠪᠢᠳᠠᠨ ᠬᠠᠮᠢᠶᠠᠷᠬᠤ ᠪᠠᠶᠢᠴᠠᠭᠠᠬᠤ ᠳᠠᠷᠤᠭ᠎ᠠ ᠪᠠᠷ ᠡᠷᠬᠢᠯᠡᠭᠴᠢ ᠪᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠰᠢᠶᠳᠪᠦᠷᠢᠯᠡᠬᠦ ᠵᠢᠯᠣᠭᠤᠳᠬᠤ ᠲᠦᠪ ᠢ ᠪᠠᠶᠢᠭᠤᠯᠵᠤ᠂ ᠬᠡᠷᠡᠭ ᠤᠨ ᠰᠦᠪᠡᠭᠴᠢ ᠶᠢ ᠨᠢᠭᠡᠳᠦᠯᠲᠡᠶ ᠬᠠᠮᠢᠶᠠᠷᠴᠤ᠂ ᠬᠢᠨᠠᠯᠲᠠ ᠲᠠᠯᠪᠢᠬᠤ ᠠᠷᠭ᠎ᠠ ᠪᠤᠳᠤᠯᠭ᠎ᠠ ᠶᠢ ᠨᠢᠭᠡᠳᠦᠯᠲᠡᠶ ᠰᠤᠳᠤᠯᠤᠨ ᠮᠠᠭᠠᠳᠯᠠᠵᠤ᠂ ᠬᠡᠷᠡᠭ ᠤᠨ ᠬᠠᠷᠢᠶᠠᠯᠠᠯ ᠢ ᠨᠢᠭᠡᠳᠦᠯᠲᠡᠶ ᠵᠢᠭᠠᠨ ᠲᠤᠭᠲᠠᠭᠠᠵᠤ᠂ ᠬᠡᠷᠡᠭ ᠰᠢᠶᠳᠪᠦᠷᠢᠯᠡᠬᠦ ᠬᠦᠴᠦᠨ ᠢ ᠨᠢᠭᠡᠳᠦᠯᠲᠡᠶ ᠲᠣᠬᠢᠷᠠᠭᠤᠯᠵᠤ᠂ ᠬᠡᠷᠡᠭ ᠤᠨ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠵᠦ᠂ ᠬᠡᠷᠡᠭ ᠰᠢᠶᠳᠪᠦᠷᠢᠯᠡᠬᠦ ᠴᠢᠭᠯᠡᠯ ᠪᠠ ᠬᠦᠴᠦᠨ ᠢ ᠦᠨᠡᠨ ᠬᠦ ᠪᠠᠲᠤᠯᠠᠵᠠᠢ᠃ ᠤᠳᠤᠬᠠᠨ ᠳᠤ᠂ ᠪᠦᠬᠦ ᠣᠷᠣᠨ ᠤ ᠦᠨᠳᠦᠰᠦᠨ ᠱᠠᠲᠤᠨ ᠤ ᠤᠯᠠᠨ ᠪᠠᠶᠢᠴᠠᠭᠠᠬᠤ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠶᠢᠨ ᠲᠤᠰᠬᠠᠶ ᠪᠠᠶᠢᠭᠤᠯᠤᠮᠵᠢ ᠨᠢ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢᠨ ᠬᠦᠷᠢᠶᠡᠨ ᠳᠤ ᠬᠤᠯᠪᠤᠭᠳᠠᠭᠰᠠᠨ ᠪᠠᠷᠢᠪᠴᠢᠯᠠᠬᠤ ᠶᠢ ᠵᠥᠪᠰᠢᠶᠡᠷᠡᠬᠦ᠂ ᠵᠠᠭᠠᠯᠳᠤᠬᠤ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾ ᠠᠵᠢᠯ ᠤᠨ ᠵᠠᠭᠪᠤᠷ ᠢ ᠬᠡᠷᠡᠭᠵᠢᠭᠦᠯᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号