ᠲᠠᠨᠢᠯᠴᠠᠭᠤᠯᠤᠭᠰᠠᠨ ᠢᠶᠠᠷ᠂ ᠮᠠᠨᠵᠤᠤᠷ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠤᠯᠠᠨ ᠠᠷᠭ᠎ᠠ ᠶᠢ ᠵᠡᠷᠭᠡᠪᠡᠷ ᠬᠡᠷᠡᠭᠵᠢᠭᠦᠯᠦᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠢ ᠦᠷ᠎ᠡ ᠪᠦᠲᠦᠮᠵᠢ ᠲᠠᠢ ᠠᠳᠬᠤᠵᠤ ᠪᠠᠶᠢᠨ᠎ᠠ᠃ ᠪᠣᠳᠠᠲᠠᠶ ᠠᠷᠭ᠎ᠠ | ᠨᠢ ᠭᠡᠪᠡᠯ᠄ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ | ᠡᠮᠨᠡᠯᠭᠡ ᠶᠢᠨ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠬᠦ ᠶᠢ ᠬᠤᠷᠢᠭᠯᠠᠵᠠᠢ︔ ᠬᠦᠨᠳᠦ ᠡᠪᠡᠳᠴᠢᠨ ᠤ ᠳᠠᠭᠠᠳᠬᠠᠯ | ᠪᠣᠯᠤᠨ ᠬᠤᠳᠠᠯᠳᠤᠭᠠᠨ ᠤ ᠳᠠᠭᠠᠳᠬᠠᠯ ᠢ ᠨᠢᠭᠡ ᠯᠡ ᠤᠳᠠᠭ᠎ᠠ ᠳᠤ ᠲᠡᠰᠦᠯᠦᠨ ᠪᠤᠳᠤᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠬᠦᠨᠳᠦ ᠡᠪᠡᠳᠴᠢᠲᠡᠨ ᠤ ᠡᠷᠬᠡ ᠠᠰᠢᠭ ᠵᠢᠴᠢ ᠵᠠᠷᠤᠳᠠᠯ ᠤᠨ ᠳᠠᠩᠰᠠ ᠲᠠᠶᠢᠯᠬᠤ ᠦᠷ᠎ᠡ | ᠪᠦᠲᠦᠮᠵᠢ ᠶᠢ ᠦᠨᠡᠨ ᠬᠦ ᠪᠠᠲᠤᠯᠠᠵᠠᠢ︔ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠤᠯᠭ᠎ᠠ ᠶᠢ | ᠲᠠᠰᠤᠷᠠᠯᠲᠠ ᠦᠭᠡᠢ ᠪᠥᠷᠢᠨᠰᠢᠭᠦᠯᠵᠦ᠂ ᠳᠠᠭᠠᠳᠬᠠᠯ ᠳᠤ ᠣᠷᠣᠯᠴᠠᠭᠰᠠᠨ ᠬᠥᠮᠦᠰ ᠤᠨ ᠡᠮ ᠡᠮᠨᠡᠯᠭᠡ ᠶᠢᠨ | ᠳᠠᠭᠠᠳᠬᠠᠯ ᠤᠨ ᠬᠠᠷᠠᠭᠠᠯᠵᠠᠯ ᠢ ᠴᠢᠷᠮᠠᠶᠢᠨ ᠳᠡᠭᠡᠭᠰᠢᠯᠡᠭᠦᠯᠵᠡᠢ︔ ᠡᠮ ᠡᠮᠨᠡᠯᠭᠡ ᠶᠢᠨ ᠳᠠᠭᠠᠳᠬᠠᠯ ᠤᠨ ᠶᠡᠭᠡ | ᠡᠮᠴᠢ ᠶᠢᠨ ᠪᠣᠯᠪᠠᠰᠤᠷᠠᠭᠤᠯᠤᠯ ᠥᠷᠨᠢᠭᠦᠯᠵᠦ᠂ ᠡᠮᠴᠢ ᠡᠮᠨᠡᠯᠭᠡ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠵᠠᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠡᠷᠡᠭᠦᠯ ᠬᠠᠮᠠᠭᠠᠯᠠᠯ ᠤᠨ ᠳᠦᠷᠢᠮ ᠤᠨ ᠥᠭᠡᠷᠡᠴᠢᠯᠡᠯᠲᠡ ᠡᠮ ᠤᠨ | ᠵᠦᠢᠯ ᠤᠨ ᠭᠦᠢᠯᠭᠡᠭᠡᠨ ᠤ ᠳᠦᠷᠢᠮ ᠤᠨ ᠥᠭᠡᠷᠡᠴᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠡᠮ | ᠡᠮᠨᠡᠯᠭᠡ ᠶᠢᠨ ᠳᠠᠭᠠᠳᠬᠠᠯ ᠂ ᠡᠮ ᠡᠮᠨᠡᠯᠭᠡ ᠶᠢᠨ ᠡᠪᠡᠳᠴᠢᠲᠡᠨ ᠯᠦᠭᠡ ᠶᠢᠨ ᠡᠶ᠎ᠡ ᠵᠣᠬᠢᠴᠠᠯ ᠲᠠᠢ ᠬᠠᠷᠢᠴᠠᠭ᠎ᠠ ᠶᠢ | ᠪᠠᠶᠢᠭᠤᠯᠵᠠᠢ᠃ |