ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/10/15
    10 ᠳ᠋ᠤᠭᠠᠷ ᠰᠠᠷ᠎ᠠ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠭᠦ ᠨᠠᠷᠢᠨ ᠲᠦᠷᠢᠮ᠂ ᠵᠠᠰᠠᠭ  ᠎ ᠤᠨ ᠤᠷᠳᠤᠨ ᠤ ᠪᠡᠯᠡ ᠤᠷᠤᠭᠤᠯᠤᠯᠳᠠ ᠶᠢᠨ ᠰᠠᠭᠤᠷᠢ ᠮᠦᠩᠭᠦᠨ ᠤ ᠬᠠᠮᠢᠶᠠᠷᠤᠯᠳᠠ ᠶᠢᠨ ᠲᠦᠷ ᠬᠡᠷᠡᠭᠵᠢᠭᠦᠯᠭᠦ ᠠᠷᠭ᠎ᠠ᠂ ᠦᠪᠡᠷᠳᠡᠭᠡᠨ ᠵᠠᠰᠠᠬᠤ ᠤᠷᠤᠨ ᠤ ᠲᠠᠷᠢᠮᠠᠯ ᠤᠨ ᠦᠷ᠎ᠠ ᠶᠢᠨ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶ ᠵᠡᠷᠭᠡ ᠵᠦᠢᠯᠡᠰ ᠢ ᠰᠤᠳᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠤᠷᠤᠨ ᠨᠤᠳᠤᠭ ᠤᠨ ᠨᠠᠮ ᠵᠠᠰᠠᠭ  ᠎ ᠤᠨ ᠤᠳᠤᠷᠢᠳᠬᠤ ᠺᠠᠳ᠋ᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠤᠬᠳᠠᠭᠠᠯ︾᠎ ᠢ ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠠᠮᠤᠷ ᠲᠦᠪᠰᠢᠨ ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠨ᠂ ︽ᠨᠢᠭᠡ ᠭᠠᠵᠠᠷ ᠤᠷᠤᠨ ᠤ ᠬᠦᠭᠵᠢᠯᠳᠡ ᠶᠢ ᠠᠬᠢᠭᠤᠯᠤᠨ᠂ ᠨᠢᠭᠡ ᠭᠠᠵᠠᠷ ᠤᠷᠤᠨ ᠤ ᠠᠮᠤᠷ ᠠᠮᠤᠭᠤᠯᠠᠩ ᠢ ᠪᠠᠳᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠳᠤᠷ ᠡᠭᠦᠷᠭᠡᠯᠡᠭᠦ ᠬᠡᠷᠡᠭᠳᠡᠢ᠃ ︽ᠠᠵᠢᠯ ᠲᠦᠷᠦᠯ ᠢ ᠬᠠᠮᠢᠶᠠᠷᠬᠤ ᠳᠤ ᠵᠠᠪᠠᠯ ᠠᠮᠤᠷ ᠲᠦᠪᠰᠢᠨ ᠢ ᠬᠠᠮᠢᠶᠠᠷᠬᠤ᠂ ᠲᠤᠬᠠᠢᠢᠯᠠᠬᠰᠠᠨ ᠠᠵᠢᠯ ᠢ ᠬᠠᠮᠢᠶᠠᠷᠬᠤ ᠳᠤ ᠵᠠᠪᠠᠯ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠳᠡ ᠶᠢ ᠬᠠᠮᠢᠶᠠᠷᠬᠤ ᠳᠤ ᠵᠠᠪᠠᠯ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠡᠷᠡᠰ ᠴᠢᠩᠭ᠎ᠠ ᠨᠡᠶᠢᠳᠡᠪᠦᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ᠲᠤᠳᠠᠭᠤᠳᠠᠯ ᠢᠶᠠᠨ ᠬᠦᠴᠦᠯᠡᠨ ᠨᠦᠬᠦᠪᠦᠷᠢᠯᠡᠵᠤ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠢ ᠬᠠᠤᠯᠢ ᠶᠤᠰᠤᠭᠠᠷ ᠵᠠᠰᠠᠬᠤ ᠵᠡᠷᠭᠡ ᠦᠨᠳᠦᠰᠦᠨ ᠪᠠᠳᠤᠯᠠᠭ᠎ᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠭᠦᠯᠭᠦ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠰᠠᠭᠤᠷᠢ ᠮᠦᠩᠭᠦᠨ ᠤ ᠬᠠᠮᠢᠶᠠᠷᠤᠯᠳᠠ ᠶᠢ ᠵᠢᠷᠤᠮᠵᠢᠭᠤᠯᠤᠨ ᠴᠢᠩᠭᠠᠳᠬᠠᠬᠤ ᠪᠤᠯ ᠪᠡᠯᠡ ᠤᠷᠤᠭᠤᠯᠬᠤ ᠪᠡᠯᠡ ᠴᠤᠬᠯᠠᠭᠤᠯᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ᠵᠠᠰᠠᠭ ᠤᠨ ᠤᠷᠳᠤᠨ ᠤ ᠪᠡᠯᠡ ᠤᠷᠤᠭᠤᠯᠬᠤ ᠠᠷᠭ᠎ᠠ ᠬᠡᠯᠪᠡᠷᠢ ᠶᠢ ᠰᠢᠨᠡᠴᠢᠯᠡᠭᠦ ᠴᠢᠬᠤᠯᠠ ᠡᠭᠦᠷᠭᠡ ᠪᠤᠯᠤᠨ᠎ᠠ᠃ ᠡᠯ᠎ᠠ ᠱᠠᠳᠤᠨ ᠤ ᠵᠠᠰᠠᠭ ᠤᠨ ᠤᠷᠳᠤᠨ ᠪᠤᠯᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠰᠠᠭᠤᠷᠢ ᠮᠦᠩᠭᠦ ᠪᠠᠶᠢᠭᠤᠯᠬᠤ᠂ ᠴᠤᠬᠯᠠᠭᠤᠯᠬᠤ᠂ ᠡᠷᠭᠢᠯᠳᠦᠭᠦᠯᠬᠦ ᠬᠢᠭᠡᠳ ᠠᠶᠤᠯ ᠲᠦᠭᠰᠢᠭᠦᠷᠢ ᠶᠢ ᠡᠵᠡᠮᠳᠡᠭᠦ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠭᠡᠨ ᠤ ᠦᠷ᠎ᠠ ᠠᠰᠢᠭ ᠢ ᠦᠨᠡᠨ ᠬᠦ ᠲᠡᠭᠡᠭᠰᠢᠯᠡᠭᠦᠯᠵᠤ᠂ ᠡᠳ᠋ ᠤᠨ ᠵᠠᠰᠠᠭ ᠤᠨ ᠪᠡᠯᠡ ᠮᠦᠩᠭᠦᠨ ᠤ ᠬᠦᠰᠢᠭᠦᠷᠭᠡ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠂ ᠨᠡᠶᠢᠭᠡᠮ ᠤᠨ ᠡᠯ᠎ᠠ ᠲᠦᠷᠦᠯ ᠤᠨ ᠪᠡᠯᠡ ᠮᠦᠩᠭᠦ ᠶᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯᠳᠠᠯᠭ᠎ᠠ ᠲᠠᠢ ᠬᠦᠷᠢᠶ᠎ᠠ ᠪᠠ ᠪᠠᠭᠤᠷᠢ ᠭᠤᠬᠴᠤᠭ᠎ᠠ ᠳᠤ ᠤᠷᠤᠭᠤᠯᠬᠤ ᠶᠢ ᠪᠦᠳᠦᠮᠵᠢᠳᠡᠢ ᠬᠦᠳᠦᠯᠦᠨ ᠵᠢᠯᠤᠭᠤᠳᠴᠤ᠂ ᠰᠢᠨ᠎ᠠ ᠶᠢ ᠡᠭᠦᠳᠭᠦ ᠦᠢᠯᠡᠰ ᠪᠤᠰᠬᠠᠬᠤ ᠪᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠷ᠎ᠠ ᠶᠢᠨ ᠬᠠᠮᠢᠶᠠᠷᠤᠯᠳᠠ ᠶᠢᠨ ᠲᠦᠷᠢᠮ ᠢ ᠪᠦᠷᠢᠨᠰᠢᠭᠦᠯᠭᠦ ᠪᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠦᠷ᠎ᠠ ᠶᠢᠨ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠵᠤ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠨ᠂ ᠶᠠᠰᠦ ᠴᠢᠨᠠᠷ ᠢᠶᠠᠷ ᠲᠠᠷᠢᠶᠠᠯᠠᠩ ᠢ ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠴᠢᠬᠤᠯᠠ ᠠᠷᠭ᠎ᠠ ᠪᠠᠷᠢᠯ ᠪᠤᠯᠤᠨ᠎ᠠ᠃ ᠦᠷ᠎ᠠ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠵᠤ᠂ ᠡᠭᠦᠯᠳᠡᠷ ᠢ ᠰᠤᠩᠭᠤᠨ ᠪᠤᠶᠢᠵᠢᠭᠤᠯᠬᠤ᠂ ᠦᠷ᠎ᠠ ᠶᠢᠨ ᠦᠢᠯᠡᠳᠪᠦᠷᠢᠯᠡᠯ ᠡᠵᠡᠩᠨᠡᠯᠳᠡ ᠪᠤᠯᠤᠨ ᠬᠠᠮᠢᠶᠠᠷᠤᠯᠳᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠦᠷ᠎ᠠ ᠶᠢᠨ ᠶᠠᠰᠦ ᠴᠢᠨᠠᠷ ᠢ ᠦᠨᠡᠨ ᠬᠦ ᠲᠡᠭᠡᠭᠰᠢᠯᠡᠭᠦᠯᠵᠤ᠂ ᠦᠷ᠎ᠠ ᠶᠢᠨ ᠠᠵᠤ ᠦᠢᠯᠡᠰᠵᠢᠯᠳᠡ ᠶᠢ ᠠᠬᠢᠭᠤᠯᠤᠨ᠂ ᠤᠳᠤ ᠦᠶ᠎ᠠ ᠶᠢᠨ ᠦᠷ᠎ᠠ ᠶᠢᠨ ᠦᠢᠯᠡᠰ ᠢ ᠬᠦᠭᠵᠢᠭᠦᠯᠵᠤ᠂ ᠲᠠᠷᠢᠶᠠᠯᠠᠩ ᠤᠨ ᠪᠤᠬᠢᠷᠳᠦᠯ ᠦᠭᠡᠢ ᠴᠢᠨᠠᠷ ᠰᠠᠶᠢᠳᠠᠢ ᠦᠷᠭᠦᠯᠵᠢᠯᠡᠭᠦ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号