ᠥᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠪᠤᠯᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠪᠠ
ᠨᠡᠶᠢᠲᠡᠯᠡᠭᠰᠡᠨ ᠴᠠᠭ᠄
2018/10/15
     10 ᠳ᠋ᠤᠭᠠᠷ ᠰᠠᠷ᠎ᠠ ᠶᠢᠨ 12᠎ ᠤᠨ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠪᠤᠯᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠰᠤᠷᠤᠯᠴᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠮᠠᠨ ᠤ ᠤᠷᠤᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠶᠢ ᠬᠠᠮᠵᠢᠬᠤ ᠬᠠᠮᠢᠶ᠎ᠠ ᠪᠦᠭᠦᠢ ᠠᠵᠢᠯ ᠢ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠨᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠳᠤ ᠮᠠᠰᠢ ᠴᠢᠬᠤᠯᠠ ᠠᠴᠢ ᠬᠤᠯᠪᠤᠬᠳᠠᠯ ᠲᠠᠢ ᠶᠤᠮ᠃ ᠨᠠᠮ ᠤᠨ ᠲᠦᠪ ᠬᠤᠷᠢᠶ᠎ᠠ ᠠᠴᠠ ᠦᠪᠦᠷ ᠮᠤᠩᠭᠤᠯ ᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ 13 ᠮᠤᠵᠢ ᠤᠷᠤᠨ ᠬᠤᠳᠠ ᠶᠢᠨ ᠨᠢᠭᠡ ᠪᠠᠷ ᠲᠤᠬᠳᠠᠭᠠᠬᠰᠠᠨ ᠨᠢ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠬᠦᠨᠵᠡᠭᠡᠢ ︽ᠤᠨᠤᠰᠢᠯᠡᠨ ᠡᠮᠨᠡᠵᠤ︾ ᠪᠠᠶᠢᠭ᠎ᠠ ᠶᠠᠪᠤᠳᠠᠯ ᠪᠤᠯᠤᠨ᠎ᠠ᠃ ᠡᠨᠡ ᠨᠢ ᠪᠢᠳᠡᠨ ᠤ ᠠᠵᠢᠯ ᠢᠶᠠᠨ ᠰᠠᠶᠢᠳᠤᠷ ᠬᠢᠭᠦ ᠶᠢᠨ ᠬᠦᠴᠦᠳᠡᠢ ᠠᠬᠢᠭᠤᠯᠤᠯ ᠪᠤᠯᠬᠤ ᠪᠦᠭᠡᠳ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠦᠪᠦᠷ ᠮᠤᠩᠭᠤᠯ ᠎ ᠤᠨ ᠠᠵᠢᠯ ᠤᠨ ᠲᠤᠬᠠᠢ ᠲᠡᠭᠡᠳᠦ ᠬᠡᠮᠵᠢᠶᠡᠨ ᠤ ᠴᠢᠬᠤᠯᠠᠴᠢᠯᠠᠯ ᠪᠠ ᠦᠪᠦᠷ ᠮᠤᠩᠭᠤᠯ ᠤᠨ ᠦᠨᠳᠦᠰᠦᠳᠡᠨ ᠨᠦᠭᠦᠳ ᠎ ᠤᠨ ᠠᠷᠠᠳ ᠲᠦᠮᠡᠨ ᠤ ᠲᠤᠬᠠᠢ ᠲᠤᠳᠤᠨᠤ ᠬᠠᠯᠠᠮᠵᠢᠯᠠᠯ ᠢ ᠬᠦᠢᠴᠡᠳ ᠬᠠᠷᠠᠭᠤᠯᠵᠤ ᠪᠤᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠪᠠ ᠡᠯ᠎ᠠ ᠱᠠᠳᠤᠨ ᠤ ᠤᠳᠤᠷᠢᠳᠬᠤ ᠺᠠᠳ᠋ᠷᠴᠤᠳ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠪᠠ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠵᠤ᠂ ᠲᠤᠭᠤᠷᠢᠨ ᠪᠠᠶᠢᠴᠠᠭᠠᠯᠳᠠ ᠪᠠ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ︽ᠬᠤᠶᠠᠷ ᠢ ᠡᠷᠡᠰ ᠬᠠᠮᠠᠭᠠᠯᠠᠬᠤ︾᠎ ᠶᠢ ᠦᠢᠯᠡᠳᠦᠯᠭᠡᠵᠢᠭᠦᠯᠭᠦ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠰᠬᠠᠢ ᠲᠤᠭᠤᠷᠢᠨ ᠪᠠᠶᠢᠴᠠᠭᠠᠯᠳᠠ ᠪᠤᠯ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠮᠦᠨ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠢ ᠬᠠᠮᠵᠢᠵᠤ ᠠᠵᠢᠯ ᠢ ᠰᠠᠶᠢᠳᠤᠷ ᠬᠢᠭᠦ ᠪᠤᠯ ᠪᠢᠳᠡᠨ ᠤ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠪᠠᠶᠢᠴᠠᠭᠠᠯᠳᠠ ᠬᠢᠨᠠᠯᠳᠠ ᠶᠢ ᠬᠦᠯᠢᠶᠡᠵᠤ᠂ ᠨᠠᠮ ᠪᠤᠯᠤᠨ ᠠᠷᠠᠳ ᠲᠦᠮᠡᠨ ᠳᠤ ᠲᠡᠭᠡᠳᠦ ᠬᠡᠮᠵᠢᠶ᠎ᠠ ᠪᠠᠷ ᠬᠠᠷᠢᠭᠤᠴᠠᠬᠤ ᠤᠪᠤᠷ ᠢ ᠪᠠᠷᠢᠮᠳᠠᠯᠠᠨ᠂ ᠢᠳᠡᠪᠬᠢᠲᠠᠢ ᠰᠠᠨᠠᠭᠠᠴᠢᠯᠠᠭ᠎ᠠ ᠠᠴᠠ ᠪᠠᠨ ᠪᠠᠶᠢᠳᠠᠯ ᠢ ᠬᠠᠩᠭᠠᠵᠤ᠂ ᠦᠨᠡᠨ ᠪᠤᠳᠠᠳᠠᠢ ᠪᠠᠷ ᠠᠰᠠᠭᠤᠳᠠᠯ ᠢ ᠲᠤᠰᠬᠠᠵᠤ᠂ ᠡᠯ᠎ᠠ ᠵᠦᠢᠯ ᠤᠨ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠨᠢᠮᠪᠠᠢ ᠬᠦᠢᠴᠡᠳ ᠰᠠᠶᠢᠳᠤᠷ ᠬᠢᠵᠤ᠂ ᠲᠤᠰᠬᠠᠢ ᠲᠤᠭᠤᠷᠢᠨ ᠪᠠᠶᠢᠴᠠᠭᠠᠯᠳᠠ ᠶᠢ ᠰᠠᠶᠢᠳᠤᠷ ᠦᠷᠨᠢᠭᠦᠯᠭᠦ ᠳᠤ ᠰᠠᠶᠢᠨ ᠰᠠᠶᠢᠬᠠᠨ ᠨᠦᠬᠦᠴᠡᠯ ᠪᠦᠷᠢᠯᠳᠦᠭᠦᠯᠵᠤ ᠦᠭᠭᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠲᠠᠢ ᠬᠠᠮᠳᠤ ᠪᠠᠷ ᠨᠠᠮ ᠤᠨ ᠲᠦᠪ ᠬᠤᠷᠢᠶ᠎ᠠ ᠶᠢᠨ ᠬᠦᠢᠴᠡᠳᠭᠡᠯᠭᠡᠭᠦ ᠪᠠᠷ ᠲᠤᠰᠢᠶᠠᠬᠰᠠᠨ ᠴᠢᠬᠤᠯᠠ ᠤᠯᠤᠰ ᠲᠦᠷᠦ ᠶᠢᠨ ᠡᠭᠦᠷᠭᠡ ᠶᠢ ᠰᠠᠶᠢᠳᠤᠷ ᠪᠡᠶᠡᠯᠡᠭᠦᠯᠭᠦ ᠬᠡᠷᠡᠭᠳᠡᠢ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤᠨ ᠤ ᠨᠠᠮ ᠤᠨ ᠬᠤᠷᠢᠶ᠎ᠠ ᠵᠢᠴᠢ ᠲᠤᠭᠤᠷᠢᠨ ᠪᠠᠶᠢᠴᠠᠭᠠᠬᠤ ᠪᠠᠶᠢᠭᠤᠯᠤᠮᠵᠢ ᠲᠦᠪ ᠤᠨ ᠱᠠᠭᠠᠷᠳᠠᠯᠭ᠎ᠠ ᠶᠤᠰᠤᠭᠠᠷ᠂ ᠲᠤᠰ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠲᠤᠤᠷᠠᠳᠤ ᠱᠠᠳᠤᠨ ᠤ ᠨᠠᠮ ᠤᠨ ᠬᠤᠷᠢᠶ᠎ᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠯᠠᠪᠳᠠᠭᠤᠨ ᠪᠠᠳᠤᠳᠠᠢ ᠬᠦᠨᠵᠡᠭᠡᠢ ᠦᠷᠨᠢᠭᠦ ᠶᠢ ᠠᠬᠢᠭᠤᠯᠬᠤ ᠬᠡᠷᠡᠭᠳᠡᠢ᠃ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠢ ᠲᠤᠭᠤᠷᠢᠨ ᠪᠠᠶᠢᠴᠠᠭᠠᠯᠳᠠ ᠳᠤ ᠵᠢᠭᠠᠵᠤ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠡᠯ᠎ᠠ ᠱᠠᠳᠤᠨ ᠤ ᠲᠤᠰᠬᠠᠢ ᠲᠤᠭᠤᠷᠢᠨ ᠪᠠᠶᠢᠴᠠᠭᠠᠯᠳᠠ ᠦᠷᠨᠢᠭᠦᠯᠭᠦ ᠶᠢᠨ ᠭᠤᠤᠯᠳᠠᠯᠭ᠎ᠠ ᠲᠠᠢ ᠠᠭᠤᠯᠭ᠎ᠠ ᠪᠤᠯᠭᠠᠵᠤ᠂ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠢᠭᠯᠡᠭᠦᠯᠦᠯᠳᠦ ᠴᠢᠨᠠᠷ ᠪᠤᠯᠤᠨ ᠦᠷ᠎ᠠ ᠪᠦᠳᠦᠮᠵᠢᠳᠦ ᠴᠢᠨᠠᠷ ᠢ ᠴᠢᠩᠭᠠᠷᠠᠭᠤᠯᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号