ᠦᠪᠦᠷ ᠮᠤᠩᠭᠤᠯ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠭᠵᠢᠯᠳᠡ ᠶᠢ ᠲᠡᠮᠵᠢᠭᠦ ᠲᠤᠬᠠᠢ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠵᠠᠢ    ᠪᠦ᠋ ᠰᠢᠶᠤᠤ ᠯᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018/10/16
      10 ᠳ᠋ᠤᠭᠠᠷ ᠰᠠᠷ᠎ᠠ ᠶᠢᠨ 15᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠭᠡᠳ ᠲᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠬᠠᠮᠳᠤᠷᠠᠨ ᠦᠪᠦᠷ ᠮᠤᠩᠭᠤᠯ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠭᠵᠢᠯᠳᠡ ᠶᠢ ᠲᠡᠮᠵᠢᠭᠦ ᠲᠤᠬᠠᠢ ᠶᠠᠷᠢᠯᠴᠠᠬᠤ ᠬᠤᠷᠠᠯ ᠢ ᠪᠡᠭᠡᠵᠢᠩ ᠳᠤ ᠬᠤᠷᠠᠯᠳᠤᠭᠤᠯᠪᠠ᠃       ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠎ ᠤ ᠲᠡᠷᠢᠭᠦᠯᠡᠭᠴᠢ ᠪᠦ᠋ ᠰᠢᠶᠤᠤ ᠯᠢᠨ᠂ ᠲᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠎ ᠶᠢᠨ ᠬᠡᠷᠡᠭ ᠮᠡᠳᠡᠭᠴᠢᠳ ᠤᠨ ᠲᠠᠷᠤᠭ᠎ᠠ ᠾᠧ ᠳ᠋ᠦᠩ ᠹᠧᠩ ᠬᠤᠷᠠᠯ ᠳᠤ ᠤᠷᠤᠯᠴᠠᠬᠰᠠᠨ ᠪᠦᠭᠡᠳ ᠬᠤᠶᠠᠷ ᠲᠠᠯ᠎ᠠ ᠶᠢ ᠲᠦᠯᠦᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠤᠨ ᠤ ᠲᠡᠳ᠋ ᠰᠠᠶᠢᠳ ᠰᠢᠨ ᠬᠦᠸᠧ ᠪᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠶᠠᠷᠢᠶ᠎ᠠ ᠲᠠᠯᠪᠢᠪᠠ᠃ ᠲᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠶᠢᠨ ᠶᠡᠷᠦᠩᠬᠡᠢ ᠲᠠᠭᠠᠭᠠᠮᠠᠯ ᠵᠤᠤ ᠶᠤᠸᠠᠢ ᠷᠠᠩ ᠶᠠᠷᠢᠯᠴᠠᠬᠤ ᠬᠤᠷᠠᠯ ᠢ ᠡᠷᠬᠢᠯᠡᠵᠡᠢ᠃       ᠰᠢᠨ ᠬᠦᠸᠧ ᠪᠢᠨ ᠵᠢᠭᠠᠭᠰᠠᠨ ᠨᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠠᠯᠪᠤᠷᠢ ᠱᠤᠭᠤᠮ ᠤᠨ ᠠᠭᠠᠷ ᠤᠨ ᠠᠶᠠᠯᠠᠯ ᠤᠨ ᠬᠦᠭᠵᠢᠯᠳᠡ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠠᠷᠠᠳ ᠤᠨ ᠠᠭᠠᠷ ᠤᠨ ᠠᠶᠠᠯᠠᠯ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠮᠠᠰᠢ ᠶᠡᠭᠡ ᠦᠷ᠎ᠠ ᠠᠰᠢᠭ ᠲᠠᠢ ᠠᠵᠢᠯ ᠨᠤᠭᠤᠳ ᠢ ᠦᠷᠨᠢᠭᠦᠯᠪᠠ᠃ ᠲᠢᠶᠠᠨ ᠵᠢᠶᠤᠤ ᠠᠭᠠᠷ ᠤᠨ ᠠᠶᠠᠯᠠᠯ ᠤᠨ ᠺᠤᠮᠫᠠᠨᠢ ᠶᠢ ᠪᠠᠶᠢᠭᠤᠯᠤᠬᠰᠠᠨ ᠪᠦᠭᠡᠳ ᠤᠯᠤᠰ ᠲᠠᠭᠠᠨ ᠦᠢᠯᠡᠳᠪᠦᠷᠢᠯᠡᠭᠰᠡᠨ ᠰᠠᠯᠪᠤᠷᠢ ᠱᠤᠭᠤᠮ ᠤᠨ ᠠᠶᠠᠨᠴᠢᠳ ᠤᠨ ᠨᠢᠰᠭᠡᠯ ᠢ ᠤᠷᠤᠭᠤᠯᠤᠨ ᠠᠪᠴᠢᠷᠠᠬᠰᠠᠨ ᠨᠢ ᠡᠭᠦᠨ ᠤ ᠲᠤᠮᠳᠠᠬᠢ ᠴᠢᠬᠤᠯᠠ ᠶᠡᠭᠡ ᠠᠷᠭ᠎ᠠ ᠪᠠᠷᠢᠯ ᠪᠤᠯᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠤᠨ ᠤᠯᠤᠰ ᠲᠠᠭᠠᠨ ᠦᠢᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠎ ᠤ ᠨᠢᠰᠭᠡᠯ ᠤᠨ ᠤᠢᠢᠯᠠᠰ ᠤᠨ ᠬᠦᠭᠵᠢᠯᠳᠡ ᠶᠢ ᠦᠩᠭᠡᠷᠡᠭᠰᠡᠨ ᠲᠠᠢ ᠪᠠᠨ ᠠᠳᠠᠯᠢ ᠦᠷᠭᠦᠯᠵᠢᠯᠡᠨ ᠲᠡᠮᠵᠢᠨ᠎ᠠ᠃ ᠡᠯ᠎ᠠ ᠲᠠᠯ᠎ᠠ ᠶᠢᠨ ᠬᠢᠨ ᠴᠢᠷᠮᠠᠶᠢᠬᠰᠠᠨ ᠲᠡᠭᠡᠷ᠎ᠠ ᠪᠠᠨ ᠴᠢᠷᠮᠠᠶᠢᠵᠤ᠂ ᠪᠤᠳᠠᠳᠠᠢ ᠶᠢ ᠡᠷᠬᠢᠮᠯᠡᠨ ᠬᠠᠮᠳᠤᠷᠠᠨ ᠠᠵᠢᠯᠯᠠᠵᠤ᠂ ᠲᠤᠰ ᠲᠤᠰ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ ᠤᠯᠤᠰ ᠲᠠᠭᠠᠨ ᠦᠢᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠭᠡᠯ ᠤᠨ ᠠᠭᠠᠷ ᠤᠨ ᠠᠶᠠᠯᠠᠯ ᠤᠨ ᠱᠤᠭᠤᠮ ᠤᠨ ᠡᠵᠡᠩᠨᠡᠯᠳᠡ᠂ ᠬᠤᠳᠠᠯᠳᠤᠭᠠᠨ ᠤ ᠵᠠᠬᠪᠤᠷ ᠤᠨ ᠰᠢᠨᠡᠴᠢᠯᠡᠯᠳᠡ ᠵᠢᠴᠢ ᠠᠵᠤ ᠦᠢᠯᠡᠰ ᠤᠨ ᠬᠠᠮᠳᠤᠷᠠᠯᠴᠠᠭᠠᠨ ᠤ ᠠᠮᠵᠢᠯᠳᠠᠲᠠᠢ ᠦᠯᠢᠭᠡᠷ ᠵᠢᠱᠢᠶ᠎ᠠ ᠶᠢ ᠴᠤᠬᠴᠠᠯᠠᠬᠤ ᠶᠢ ᠬᠦᠰᠡᠵᠤ ᠪᠠᠶᠢᠨ᠎ᠠ ᠬᠡᠪᠠ᠃      ᠠᠢ ᠯᠢ ᠬᠤᠸᠠ ᠵᠢᠭᠠᠭᠰᠠᠨ ᠨᠢ᠂ ᠦᠪᠦᠷ ᠮᠤᠩᠭᠤᠯ ᠳᠤ ᠠᠭᠠᠷ ᠤᠨ ᠠᠶᠠᠯᠠᠯ ᠤᠨ ᠠᠵᠤ ᠦᠢᠯᠡᠰ ᠢ ᠬᠦᠭᠵᠢᠭᠦᠯᠭᠦ ᠦᠪᠡᠷᠮᠢᠴᠡ ᠲᠠᠪᠠᠭᠤᠯᠢᠭ ᠲᠠᠢ ᠶᠤᠮ᠂ ᠪᠢᠳᠡ ᠲᠤᠮᠳᠠᠳᠤ ᠤᠯᠤᠰ ᠤᠨ ᠲᠤᠮᠤ ᠨᠢᠰᠭᠡᠯ ᠤᠨ ᠦᠢᠯᠡᠰ ᠎ ᠤᠨ ᠬᠦᠭᠵᠢᠯᠳᠡ ᠶᠢᠨ ᠠᠵᠠ ᠲᠤᠬᠢᠶᠠᠯ ᠢ ᠠᠮᠵᠢᠭᠤᠯᠵᠤ ᠪᠠᠶᠢᠭᠠᠳ ᠲᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠯᠤᠭ᠎ᠠ ᠠᠭᠠᠷ ᠤᠨ ᠠᠶᠠᠯᠠᠯ ᠤᠨ ᠠᠵᠤ ᠦᠢᠯᠡᠰ ᠤᠨ ᠲᠠᠪᠴᠠᠩ ᠢ ᠬᠦᠴᠦ ᠪᠠᠨ ᠬᠠᠮᠳᠤᠳᠬᠠᠨ ᠪᠠᠶᠢᠭᠤᠯᠵᠤ᠂ ᠦᠪᠦᠷ ᠮᠤᠩᠭᠤᠯ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠬᠤ ᠶᠢ ᠬᠦᠰᠡᠨ ᠬᠦᠯᠢᠶᠡᠵᠤ ᠪᠠᠶᠢᠨ᠎ᠠ᠃ ᠤᠯᠤᠰ ᠤᠨ ᠬᠠᠮᠢᠶ᠎ᠠ ᠪᠦᠬᠦᠢ ᠶᠠᠮᠤᠨ ᠵᠦᠪᠯᠡᠯ ᠠᠴᠠ ᠠᠵᠤ ᠦᠢᠯᠡᠰ ᠤᠨ ᠪᠠᠶᠢᠷᠢᠰᠢᠭᠤᠯᠤᠯᠳᠠ᠂ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠪᠡᠯᠡ ᠮᠦᠩᠭᠦ ᠶᠢᠨ ᠲᠤᠬᠢᠷᠠᠭᠤᠯᠤᠯᠳᠠ ᠵᠡᠷᠭᠡ ᠲᠠᠯ᠎ᠠ ᠪᠠᠷ ᠦᠪᠦᠷ ᠮᠤᠩᠭᠤᠯ ᠳᠤ ᠦᠩᠭᠡᠷᠡᠭᠰᠡᠨ ᠲᠠᠢ ᠪᠠᠨ ᠠᠳᠠᠯᠢ ᠦᠷᠭᠦᠯᠵᠢᠯᠡᠨ ᠳᠡᠮᠵᠢᠯᠭᠡ ᠦᠵᠡᠭᠦᠯᠬᠦ ᠶᠢ ᠬᠦᠰᠡᠵᠤ ᠪᠠᠶᠢᠨ᠎ᠠ ᠬᠡᠵᠠᠢ᠃      ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠲᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠤᠪᠴᠢᠶ᠎ᠠ ᠵᠡᠷᠭᠡ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠤᠯᠤᠰ ᠤᠨ ᠲᠤᠳᠤᠭᠠᠳᠦ ᠭᠠᠳᠠᠭᠠᠳᠦ ᠶᠢᠨ ᠠᠭᠠᠷ ᠤᠨ ᠠᠶᠠᠯᠠᠯ ᠤᠨ ᠠᠵᠤ ᠠᠬᠤᠢᠢᠯᠠᠯ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠤᠷᠤᠯᠴᠠᠪᠠ᠃ ᠬᠤᠷᠠᠯ ᠳᠤ ᠤᠷᠤᠯᠴᠠᠬᠰᠠᠳ ᠦᠪᠦᠷ ᠮᠤᠩᠭᠤᠯ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠭᠵᠢᠯᠳᠡ ᠶᠢᠨ ᠰᠢᠨ᠎ᠠ ᠬᠤᠪᠢᠷᠠᠯᠳᠠ ᠪᠠ ᠰᠢᠨ᠎ᠠ ᠬᠠᠨᠳᠤᠰᠢ ᠶᠢ ᠬᠦᠨᠵᠡᠭᠡᠢ ᠰᠤᠳᠤᠯᠤᠨ ᠶᠠᠷᠢᠯᠴᠠᠵᠤ᠂ ᠤᠯᠤᠰ ᠲᠠᠭᠠᠨ ᠦᠢᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠭᠡᠯ ᠤᠨ ᠦᠪᠦᠷ ᠮᠤᠩᠭᠤᠯ ᠤᠷᠤᠨ ᠳᠠᠬᠢ ᠡᠵᠡᠩᠨᠡᠯᠳᠡ ᠶᠢᠨ ᠵᠤᠬᠢᠴᠠᠬᠤ ᠴᠢᠨᠠᠷ ᠢ ᠰᠤᠳᠤᠯᠤᠨ ᠶᠠᠷᠢᠯᠴᠠᠵᠤ᠂ ᠤᠯᠤᠰ ᠲᠠᠭᠠᠨ ᠦᠢᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠭᠡᠯ ᠵᠢᠴᠢ ᠦᠪᠦᠷ ᠮᠤᠩᠭᠤᠯ ᠤᠷᠤᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠭᠵᠢᠯᠳᠡ ᠳᠤ ᠠᠷᠭ᠎ᠠ ᠪᠤᠳᠤᠯᠭ᠎ᠠ ᠪᠠᠨ ᠲᠡᠪᠰᠢᠭᠦᠯᠦᠭᠰᠡᠨ ᠪᠠᠶᠢᠨ᠎ᠠ᠃       ᠶᠠᠷᠢᠯᠴᠠᠬᠤ ᠬᠤᠷᠠᠯ ᠲᠡᠭᠡᠷ᠎ᠠ᠂ ᠲᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠬᠢᠭᠡᠳ ᠲᠢᠶᠠᠨ ᠵᠢᠶᠤᠤ ᠠᠭᠠᠷ ᠤᠨ ᠠᠶᠠᠯᠠᠯ ᠤᠨ ᠺᠤᠮᠫᠠᠨᠢ ARJ21 ᠨᠢᠰᠭᠡᠯ ᠬᠤᠳᠠᠯᠳᠤᠨ ᠠᠪᠬᠤ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠤᠷᠳᠤᠰ ᠬᠤᠳᠠ ᠶᠢᠨ ᠵᠠᠰᠠᠭ ᠤᠨ ᠤᠷᠳᠤᠨ᠂ ᠲᠤᠮᠳᠠᠳᠤ ᠤᠯᠤᠰ ᠎ ᠤᠨ ᠬᠤᠳᠠᠯᠳᠤᠭᠠᠨ ᠤ ᠬᠡᠷᠡᠭᠯᠡᠭᠡᠨ ᠤ ᠨᠢᠰᠭᠡᠯ ᠤᠨ ᠺᠤᠮᠫᠠᠨᠢ ᠶᠢᠨ ᠠᠶᠠᠨᠴᠢᠳ ᠤᠨ ᠦᠢᠯᠡᠴᠢᠯᠡᠭᠡᠨ ᠤ ᠺᠤᠮᠫᠠᠨᠢ᠂ ᠲᠢᠶᠠᠨ ᠵᠢᠶᠤᠤ ᠠᠭᠠᠷ ᠤᠨ ᠠᠶᠠᠯᠠᠯ ᠤᠨ ᠺᠤᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠲᠢᠶᠠᠨ ᠵᠢᠶᠤᠤ ᠠᠭᠠᠷ ᠤᠨ ᠠᠶᠠᠯᠠᠯ ᠤᠨ ᠺᠤᠮᠫᠠᠨᠢ ᠨᠢ ᠢᠯᠢ ᠪᠦᠯᠦᠭᠯᠡᠯ ᠯᠦᠭᠡ ARJ21 ᠨᠡᠷ᠎ᠠ ᠵᠡᠭᠦᠬᠦ ᠵᠦᠪᠯᠡᠯᠴᠡᠭᠡᠷ ᠲᠤᠬᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号