ᠨᠢᠭᠡ ᠳᠤ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ 9 ᠳ᠋ᠦ᠋ᠭᠡᠷ | ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠦᠮᠦᠨ 716.32 ᠲᠦᠮᠡ ᠪᠣᠯᠵᠤ᠂ | ᠨᠢᠳᠤᠨᠤᠨ ᠤ ᠵᠢᠯ ᠤᠨ ᠡᠴᠦᠰ ᠤᠨ ︵694.3 ᠲᠦᠮᠡᠨ ᠬᠥᠮᠦᠨ︶ ᠬᠢ ᠠᠴᠠ 22.01 ᠲᠦᠮᠡᠨ ᠬᠥᠮᠦᠨ | ᠨᠡᠮᠡᠭᠳᠡᠨ᠂ ᠣᠨ ᠤ ᠲᠥᠯᠥᠪᠯᠡᠭᠡ ︵711 ᠲᠦᠮᠡᠨ ᠬᠥᠮᠦᠨ︶ ᠶᠢ ᠨᠢᠭᠡᠨᠲᠡ ᠳᠠᠪᠠᠭᠤᠯᠤᠨ ᠪᠡᠶᠡᠯᠡᠭᠦᠯᠵᠡᠶ︔ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠦᠮᠦᠨ 2156.33 ᠲᠦᠮᠡ ᠪᠣᠯᠵᠤ᠂ ᠨᠢᠳᠤᠨᠤᠨ ᠤ | ᠵᠢᠯ ᠤᠨ ᠡᠴᠦᠰ ᠤᠨ ︵2161.5 ᠲᠦᠮᠡᠨ ᠬᠥᠮᠦᠨ︶ ᠬᠢ ᠠᠴᠠ 5.18 ᠲᠦᠮᠡᠨ ᠬᠥᠮᠦᠨ ᠬᠠᠰᠤᠭᠳᠠᠵᠤ ︵ | ᠭᠤᠣᠯ ᠨᠢ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠪᠣᠯᠤᠨ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠠᠬᠢ ᠳᠠᠪᠬᠤᠷᠳᠠᠭᠰᠠᠨ ᠬᠦᠮᠦᠰ ᠢ ᠬᠠᠰᠤᠪᠠ︶᠂ ᠣᠨ ᠤ | ᠲᠥᠯᠥᠪᠯᠡᠭᠡ ︵2140 ᠲᠦᠮᠡᠨ ᠬᠥᠮᠦᠨ︶ ᠶᠢ ᠨᠢᠭᠡᠨᠲᠡ ᠳᠠᠪᠠᠭᠤᠯᠤᠨ ᠪᠡᠶᠡᠯᠡᠭᠦᠯᠵᠡᠶ︔ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠭᠰᠠᠨ ᠬᠥᠮᠦᠨ 253.89 ᠲᠦᠮᠡ ᠪᠣᠯᠵᠤ᠂ ᠨᠢᠳᠤᠨᠤᠨ ᠤ ᠵᠢᠯ ᠤᠨ ᠡᠴᠦᠰ ᠤᠨ ︵ | 247.1 ᠲᠦᠮᠡᠨ ᠬᠥᠮᠦᠨ︶ ᠬᠢ ᠠᠴᠠ 6.81 ᠲᠦᠮᠡᠨ ᠬᠥᠮᠦᠨ ᠨᠡᠮᠡᠭᠳᠡᠨ᠂ ᠣᠨ ᠤ ᠲᠥᠯᠥᠪᠯᠡᠭᠡ ︵249 | ᠲᠦᠮᠡᠨ ᠬᠥᠮᠦᠨ︶ ᠶᠢ ᠨᠢᠭᠡᠨᠲᠡ ᠳᠠᠪᠠᠭᠤᠯᠤᠨ ᠪᠡᠶᠡᠯᠡᠭᠦᠯᠵᠡᠶ︔ ᠠᠵᠢᠯ ᠤᠨ ᠰᠢᠷᠬᠠᠲᠤᠯ ᠤᠨ ᠳᠠᠭᠠᠳᠬᠠᠯ ᠳᠤ | ᠣᠷᠣᠯᠴᠠᠭᠰᠠᠨ ᠬᠦᠮᠦᠨ 316.36 ᠲᠦᠮᠡ ᠪᠣᠯᠵᠤ᠂ ᠨᠢᠳᠤᠨᠤᠨ ᠤ ᠵᠢᠯ ᠤᠨ ᠡᠴᠦᠰ ︵307.7 ᠲᠦᠮᠡᠨ | ᠬᠥᠮᠦᠨ︶ ᠤᠨ ᠬᠢ ᠠᠴᠠ 8.7 ᠲᠦᠮᠡᠨ ᠬᠥᠮᠦᠨ ᠨᠡᠮᠡᠭᠳᠡᠨ᠂ ᠣᠨ ᠤ ᠲᠥᠯᠥᠪᠯᠡᠭᠡ ︵312 ᠲᠦᠮᠡᠨ ᠬᠦᠮᠦᠨ︶ | ᠶᠢ ᠨᠢᠭᠡᠨᠲᠡ ᠳᠠᠪᠠᠭᠤᠯᠤᠨ ᠪᠡᠶᠡᠯᠡᠭᠦᠯᠵᠡᠶ︔ ᠦᠷᠡᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ 311.73 | ᠲᠦᠮᠡ ᠪᠣᠯᠵᠤ᠂ ᠨᠢᠳᠤᠨᠤᠨ ᠤ ᠵᠢᠯ ᠤᠨ ᠡᠴᠦᠰ ︵307.6 ᠲᠦᠮᠡᠨ ᠬᠥᠮᠦᠨ︶ ᠤᠨ ᠬᠢ ᠠᠴᠠ 4.16 ᠲᠦᠮᠡᠨ | ᠬᠥᠮᠦᠨ ᠨᠡᠮᠡᠭᠳᠡᠨ᠂ ᠣᠨ ᠤ ᠲᠥᠯᠥᠪᠯᠡᠭᠡ ︵307 ᠲᠦᠮᠡᠨ ᠬᠦᠮᠦᠨ︶ ᠶᠢ ᠨᠢᠭᠡᠨᠲᠡ ᠳᠠᠪᠠᠭᠤᠯᠤᠨ | ᠪᠡᠶᠡᠯᠡᠭᠦᠯᠵᠡᠶ᠃ | ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠲᠠᠲᠠᠪᠤᠷᠢᠯᠠᠵᠤ ᠲᠤᠰᠢᠶᠠᠯᠭᠠᠭᠰᠠᠨ | ᠣᠷᠣᠯᠭ᠎ᠠ ᠯᠠᠪᠳᠠᠭᠤᠨ ᠢᠶᠠᠷ ᠨᠡᠮᠡᠭᠳᠡᠵᠦ᠂ ᠠᠵᠢᠯᠯᠠᠭᠠᠨ ᠨᠢ ᠲᠣᠭᠲᠠᠭᠤᠨ ᠪᠠᠶᠢᠨ᠎ᠠ᠃ 1 — 9 ᠳ᠋ᠦ᠋ᠭᠡᠷ ᠰᠠᠷ᠎ᠠ ᠳᠤ᠂ | ᠪᠥᠬᠦ ᠣᠷᠣᠨ ᠤ ᠲᠠᠪᠤᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠡᠶᠢᠲᠡ 536.81 | ᠳ᠋ᠥᠩᠰᠢᠭᠤᠷ ᠲᠥᠭᠦᠷᠢᠭ ᠲᠠᠲᠠᠪᠤᠷᠢᠯᠠᠨ᠂ ᠣᠨ ᠤ ᠲᠥᠯᠥᠪᠯᠡᠭᠡ ᠶᠢᠨ 74.68% ᠶᠢ ᠪᠡᠶᠡᠯᠡᠭᠦᠯᠵᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 17.49% ᠨᠡᠮᠡᠭᠳᠡᠪᠡ᠃ | ᠭᠤᠷᠪᠠ ᠳᠤ ᠨᠡᠶᠢᠭᠡᠮ ᠤᠨ ᠳᠠᠭᠠᠳᠬᠠᠯ ᠤᠨ ᠣᠯᠭᠤᠮᠵᠢ ᠲᠣᠭᠲᠠᠭᠤᠨ ᠢᠶᠠᠷ ᠳᠡᠭᠡᠭᠰᠢᠯᠡᠵᠡᠶ᠃ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠣᠷᠣᠨ ᠤ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠪᠣᠯᠤᠨ ᠠᠵᠤ | ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ | ᠶᠡᠷᠦᠩᠬᠡᠶ ᠳᠡᠭᠡᠨ 5% ᠳᠡᠭᠡᠭᠰᠢᠯᠡᠵᠡᠢ︔ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠣᠯᠭᠤᠮᠵᠢ ᠶᠢ ᠬᠥᠮᠦᠨ ᠪᠦᠷᠢ ᠳᠤ ᠰᠠᠷ᠎ᠠ ᠪᠦᠷᠢ 18 ᠲᠥᠭᠦᠷᠢᠭ ᠨᠡᠮᠡᠭᠳᠡᠭᠦᠯᠦᠨ᠂ ᠰᠠᠷ᠎ᠠ ᠳᠤ | 128 ᠲᠥᠭᠦᠷᠢᠭ ᠪᠣᠯᠪᠠ︔ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠪᠥᠬᠦ ᠣᠷᠣᠨ ᠤ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ 10% ᠪᠠᠷ ᠳᠡᠭᠡᠭᠰᠢᠯᠡᠭᠦᠯᠪᠡ᠃ 1 — 12 | ᠳ᠋ᠤᠭᠠᠷ ᠰᠠᠷ᠎ᠠ ᠳᠠᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠣᠯᠭᠤᠬᠤ ᠪᠠᠷᠢᠮᠵᠢᠶ᠎ᠠ ᠶᠢ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ 80% ᠪᠠᠶᠢᠭᠰᠠᠨ ᠠᠴᠠ ᠨᠢ | ᠳᠡᠭᠡᠭᠰᠢᠯᠡᠭᠦᠯᠦᠭᠡᠳ 90% ᠪᠣᠯᠭᠠᠵᠤ᠂ 13 —24 ᠳ᠋ᠤᠭᠠᠷ ᠰᠠᠷ᠎ᠠ ᠳᠠᠬᠢ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠶᠢᠨ ᠣᠯᠭᠤᠬᠤ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠠᠮᠤᠭ ᠤᠨ | ᠳᠣᠤᠷ᠎ᠠ ᠴᠠᠯᠢᠩ ᠤᠨ 70% ᠪᠠᠶᠢᠭᠰᠠᠨ ᠠᠴᠠ ᠨᠢ ᠳᠡᠭᠡᠭᠰᠢᠯᠡᠭᠦᠯᠦᠭᠡᠳ 80% ᠪᠣᠯᠭᠠᠪᠠ︔ ᠡᠯ᠎ᠡ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ ᠠᠵᠢᠯ ᠤᠨ | ᠰᠢᠷᠬᠠᠲᠤᠯ ᠤᠨ ᠳᠠᠭᠠᠳᠬᠠᠯ ᠤᠨ ᠣᠯᠭᠤᠮᠵᠢ ᠶᠢ ᠴᠥᠮ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠭᠦᠯᠪᠡ᠃ | |