ᠥᠪᠥᠷ ᠮᠣᠩᠭᠤᠯ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠬᠠᠷᠢᠯᠴᠠᠬᠤ ᠬᠥᠮᠦᠨ ᠤ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/10/16
     ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡ ᠲᠠᠢ ᠪᠠᠷ ᠬᠡᠦᠬᠡᠳ ᠠᠪᠬᠤ ᠨᠡᠶᠢᠭᠡᠮᠯᠢᠭ ᠬᠠᠮᠲᠤᠷᠠᠨ ︽ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠬᠠᠷᠢᠯᠴᠠᠬᠤ ᠬᠦᠮᠦᠨ ᠤ ᠳᠦᠷᠢᠮ ᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠲᠠᠷᠬᠠᠭᠠᠪᠠ᠃      ︽ᠮᠡᠳᠡᠭᠳᠡᠯ︾᠎ ᠳᠤ ᠲᠤᠳᠤᠷᠬᠠᠶᠢᠯᠠᠭᠰᠠᠨ ᠨᠢ᠂ ᠤᠳᠤ ᠶᠢᠨ ᠪᠠᠶᠢᠭ᠎ᠠ ᠣᠨᠴᠠᠭᠠᠶ ᠬᠡᠷ ᠪᠦᠯᠢ ᠶᠢᠨ ᠬᠤᠤᠰ ᠪᠠᠶᠢᠷᠢ ᠶᠢᠨ ᠬᠠᠷᠢᠯᠴᠠᠬᠤ ᠬᠦᠮᠦᠨ ᠤ ᠰᠠᠭᠤᠷᠢᠨ ᠳᠡᠭᠡᠷ᠎ᠡ᠂ ᠲᠥᠯᠥᠪᠯᠡᠭᠡ ᠲᠠᠢ ᠪᠠᠷ ᠬᠡᠦᠬᠡᠳ ᠠᠪᠬᠤ ᠨᠡᠶᠢᠭᠡᠮᠯᠢᠭ ᠤᠨ ᠭᠡᠰᠢᠭᠦᠨ ᠨᠢᠭᠡ ᠶᠢ ᠨᠡᠮᠡᠨ ᠣᠨᠴᠠᠭᠠᠶ ᠬᠡᠷ ᠪᠦᠯᠢ ᠶᠢᠨ ᠬᠠᠷᠢᠯᠴᠠᠬᠤ ᠬᠥᠮᠦᠨ ᠪᠤᠯᠭᠠᠨ᠎ᠠ᠃ ᠬᠠᠷᠢᠯᠴᠠᠬᠤ ᠬᠥᠮᠦᠨ ᠨᠢ ᠰᠠᠷ᠎ᠠ ᠪᠦᠷᠢ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠲᠠᠢ ᠬᠠᠷᠢᠯᠴᠠᠬᠤ ᠬᠡᠷᠡᠭᠲᠡᠢ᠂ ᠡᠭᠦᠨ ᠳᠤ ᠬᠡᠷ ᠲᠤᠨᠢ ᠬᠦᠷᠴᠦ ᠬᠠᠷᠢᠯᠴᠠᠬᠤ᠂ ᠳ᠋ᠢᠶᠠᠩᠬᠤᠸᠠ ᠪᠠᠷ ᠬᠠᠷᠢᠯᠴᠠᠬᠤ᠂ ᠠᠵᠢᠯᠯᠠᠭ᠎ᠠ ᠵᠣᠬᠢᠶᠠᠨ ᠪᠠᠶᠢᠭᠤᠯᠵᠤ ᠬᠠᠷᠢᠯᠴᠠᠬᠤ᠂ ᠪᠠᠶᠠᠷ ᠳᠤᠷᠠᠰᠬᠠᠯ ᠤᠨ ᠡᠳᠦᠷ ᠬᠠᠷᠢᠯᠴᠠᠬᠤ ᠵᠡᠷᠭᠡ ᠪᠠᠭᠲᠠᠬᠤ ᠪᠦᠭᠡᠳ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠢᠶᠠᠷ᠂ ᠦᠢᠯᠡᠳᠪᠦᠷᠢᠯᠡᠯ᠂ ᠠᠮᠢᠳᠤᠷᠠᠯ᠂ ᠡᠮᠨᠡᠭᠦᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠬᠠᠷᠢᠯᠴᠠᠵᠤ ᠬᠠᠪᠰᠤᠷᠤᠨ ᠲᠡᠳᠬᠦᠬᠦ ᠬᠡᠷᠡᠭᠲᠡᠶ᠃ ᠡᠮᠡᠭᠲᠡᠶ ᠨᠢ ᠪᠦᠬᠦᠯᠢ 49 ᠨᠠᠰᠤᠨ ᠠᠴᠠ ᠳᠣᠷᠣᠭᠰᠢᠬᠢ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠳᠤ ᠪᠤᠯ ᠳᠠᠬᠢᠨ ᠬᠡᠦᠬᠡᠳ ᠠᠪᠬᠤ ᠳᠤ ᠨᠢ ᠬᠠᠪᠰᠤᠷᠤᠯᠭ᠎ᠠ ᠦᠵᠡᠭᠦᠯᠬᠦ ᠪᠠ ᠦᠷ᠎ᠡ ᠬᠡᠤᠬᠡᠳ ᠡᠷᠭᠦᠨ ᠲᠡᠵᠢᠭᠡᠬᠦ ᠶᠢ ᠨᠠᠶᠢᠳᠠᠪᠤᠷᠢᠵᠢᠭᠤᠯᠬᠤ ᠪᠠᠷ ᠭᠤᠣᠯ ᠪᠤᠯᠭᠠᠬᠤ ᠬᠡᠷᠡᠭᠲᠡᠢ᠃ ᠬᠠᠷᠢᠯᠴᠠᠬᠤ ᠬᠦᠮᠦᠨ ᠠᠵᠢᠯ ᠢᠶᠠᠨ ᠥᠷᠨᠢᠭᠦᠯᠬᠦ ᠳᠤ ᠬᠤᠯᠪᠣᠭᠳᠠᠯ ᠪᠦᠬᠦᠢ ᠳᠠᠩᠰᠠ ᠲᠡᠮᠳᠡᠭᠯᠡᠯ ᠲᠠᠢ ᠪᠠᠶᠢᠵᠤ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠬᠦᠴᠢᠷᠳᠡᠯ᠂ ᠬᠠᠪᠰᠤᠷᠤᠨ ᠲᠡᠳᠬᠦᠬᠦ ᠠᠭᠤᠯᠭ᠎ᠠ᠂ ᠬᠠᠪᠰᠤᠷᠤᠨ ᠲᠡᠳᠬᠦᠬᠦ ᠠᠬᠢᠴᠠ ᠵᠡᠷᠭᠡ ᠶᠢ ᠲᠡᠮᠳᠡᠭᠯᠡᠬᠦ ᠪᠥᠭᠡᠳ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠪᠠᠷ ᠨᠤᠲᠠᠯᠠᠭᠤᠯᠤᠨ ᠭᠠᠷ ᠤᠨ ᠦᠰᠦᠭ ᠵᠢᠷᠤᠭᠤᠯᠬᠤ ᠬᠡᠷᠡᠭᠲᠡᠢ ᠭᠡᠵᠡᠢ᠃      ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠨᠤᠭᠤᠳ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠤᠨ ᠨᠡᠶᠢᠭᠡᠮᠯᠢᠭ ᠤᠨ ᠬᠠᠪᠰᠤᠷᠤᠨ ᠲᠡᠳᠬᠦᠵᠦ ᠬᠠᠯᠠᠮᠵᠢᠯᠠᠬᠤ ᠳᠤᠮᠳᠠ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号