ᠣᠷᠳᠣᠰ ᠬᠤᠲᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠪᠠ
ᠨᠡᠶᠢᠲᠡᠯᠡᠭᠰᠡᠨ ᠴᠠᠭ᠄
2018/10/16
      ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠰᠠᠳᠠ᠂ ︽ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠦᠷᠭᠦᠯᠵᠢᠯᠡᠨ ᠱᠠᠲᠤ ᠦᠶᠡᠴᠢ ᠴᠢᠨᠠᠷᠲᠠᠶ ᠪᠠᠭᠤᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ  ᠤᠨ ᠮᠡᠳᠡᠭᠳᠡᠯ︾ ︵ᠥᠪᠥᠷ ᠠᠵᠢᠯᠲᠠᠨ ᠨᠡᠶᠢᠭᠡᠮ ᠲᠠᠷᠬᠠᠭᠠᠭᠰᠠᠨ【2018 】26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠣᠷᠳᠣᠰ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠡᠶᠢᠲᠡ  ᠶᠢᠨ ᠦᠯᠡᠳᠡᠪᠦᠷᠢ ᠶᠢᠨ ᠪᠠᠶᠢᠳᠠᠯ ᠲᠠᠢ ᠤᠶᠠᠯᠳᠤᠭᠤᠯᠤᠨ᠂ ᠣᠷᠳᠣᠰ ᠬᠤᠲᠠ 2018 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠲᠤ ᠦᠶᠡᠴᠢ ᠴᠢᠨᠠᠷᠲᠠᠶ ᠪᠠᠭᠤᠷᠠᠭᠤᠯᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠶᠠᠳᠤᠭᠠᠷ ᠲᠥᠷᠥᠯ ᠠᠴᠠ ᠨᠠᠢᠮᠠᠳᠤᠭᠠᠷ ᠲᠥᠷᠥᠯ ᠬᠦᠷᠲᠡᠯᠡᠬᠢ ᠵᠠᠷᠤᠳᠠᠯ ᠤᠨ ᠨᠣᠷᠮ᠎ᠠ ᠪᠠᠷ ᠰᠠᠭᠤᠷᠢ ᠪᠣᠯᠭᠠᠨ 50% ᠪᠠᠷ ᠪᠠᠭᠤᠷᠠᠭᠤᠯᠬᠤ ᠪᠠᠷ ᠪᠠᠷᠢᠮᠵᠢᠶ᠎ᠠ ᠪᠣᠯᠭᠠᠵᠤ᠂ ᠵᠠᠷᠤᠳᠠᠯ ᠤᠨ ᠨᠣᠷᠮ᠎ᠠ ᠶᠢᠨ ᠪᠠᠭᠤᠷᠠᠯᠲᠠ ᠶᠢᠨ ᠬᠤᠭᠤᠴᠠᠭ᠎ᠠ ᠶᠢ 2019 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠤᠯᠲᠠᠯ᠎ᠠ ᠬᠡᠷᠡᠭᠵᠢᠭᠦᠯᠬᠦ ᠪᠠᠷ ᠲᠣᠭᠲᠠᠭᠠᠵᠠᠢ᠃ ᠲᠣᠰ ᠤᠳᠠᠭᠠᠨ ᠤ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠭᠤᠷᠠᠭᠤᠯᠤᠭᠰᠠᠨ ᠶᠠᠪᠤᠳᠠᠯ ᠨᠢ 5200 ᠭᠠᠷᠤᠶ ᠬᠥᠮᠦᠨ ᠬᠡᠷᠡᠭᠯᠡᠬᠦ ᠨᠢᠭᠡᠴᠢ ᠲᠠᠢ ᠬᠤᠯᠪᠣᠭᠳᠠᠵᠤ᠂ ᠵᠢᠱᠢᠯᠲᠡ ᠪᠠᠷ ᠪᠥᠬᠦ ᠬᠤᠲᠠ ᠶᠢᠨ ᠠᠵᠤ ᠠᠬᠤᠶᠢᠯᠠᠯ ᠤᠨ ᠳᠠᠷᠤᠭᠠᠰᠤ ᠶᠢ ᠵᠢᠯ ᠳᠤ ᠳ᠋ᠦᠩᠰᠢᠭᠤᠷ ᠰᠢᠬᠠᠮ ᠲᠥᠭᠦᠷᠢᠭ ᠬᠥᠩᠭᠡᠷᠡᠭᠦᠯᠬᠦ ᠪᠣᠯᠣᠨ᠎ᠠ᠃ ᠡᠨᠡ ᠨᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠠᠨ ᠢ ᠪᠠᠲᠤᠯᠠᠭᠰᠠᠨ ᠪᠦᠭᠡᠳ ᠳᠠᠭᠠᠳᠬᠠᠯ ᠳᠤ ᠣᠷᠣᠯᠴᠠᠭᠰᠠᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠥᠯᠥ ᠪᠠᠭᠤᠷᠠᠭᠤᠯᠤᠭᠰᠠᠨ ᠤ ᠬᠠᠮᠲᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠦᠨᠡᠬᠡᠷ ᠪᠠᠭᠤᠷᠠᠭᠤᠯᠵᠤ᠂ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号