ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠶᠠᠳᠠᠭᠤ ᠶᠢ ᠳᠡᠳᠭᠦᠭᠦ ᠡᠳᠦᠷ︾᠎ ᠤᠨ ᠠᠵᠢᠯᠯᠠᠭ᠎ᠠ ᠶᠢᠨ ᠳᠤᠬᠠᠢ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠠᠢ
ᠨᠡᠶᠢᠲᠡᠯᠡᠭᠰᠡᠨ ᠴᠠᠭ᠄
2018/10/17
     10 ᠳ᠋ᠤᠭᠠᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ 2018 ᠣᠨ ᠤ ᠤᠯᠤᠰ ᠤᠨ ︽ᠶᠠᠳᠠᠭᠤ ᠶᠢ ᠲᠡᠳᠬᠦᠬᠦ ᠡᠳᠦᠷ︾᠎ ᠤᠨ ᠠᠵᠢᠯᠯᠠᠭ᠎ᠠ ᠶᠢᠨ ᠲᠣᠬᠢᠷᠠᠭᠤᠯᠤᠯᠳᠠ ᠪᠠ ᠠᠬᠢᠴᠠ ᠶᠢᠨ ᠪᠠᠶᠢᠳᠠᠯ ᠵᠢᠴᠢ ᠪᠦᠭᠦ ᠣᠷᠣᠨ ᠤ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠳᠠᠨᠢᠯᠴᠠᠭᠤᠯᠬᠤ ᠶᠢᠨ ᠬᠠᠮᠳᠤ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠡᠨᠡ ᠵᠢᠯ ᠤᠨ 10 ᠳ᠋ᠤᠭᠠᠷ ᠰᠠᠷ᠎ᠠ ᠶᠢᠨ 17᠎ ᠤ ᠡᠳᠦᠷ ᠪᠤᠯ ᠮᠠᠨ ᠤ ᠤᠯᠤᠰ ᠤᠨ ᠳᠠᠪᠤᠳᠡᠬᠢ ︽ᠶᠠᠳᠠᠭᠤ ᠎ ᠶᠢ ᠲᠡᠳᠬᠦᠬᠦ ᠡᠳᠦᠷ︾ ᠪᠤᠯᠤᠨ᠎ᠠ᠃ ᠡᠨᠡ ᠵᠢᠯ ᠤᠨ ᠶᠠᠳᠠᠭᠤ ᠶᠢ ᠳᠠᠳᠭᠦᠭᠦ ᠡᠳᠦᠷ ᠤᠨ ᠭᠤᠤᠯ ᠵᠤᠷᠢᠯᠳᠠ ᠪᠤᠯ ᠰᠢ ᠎ ᠶᠢᠨ ᠫᠢᠩ ᠤᠨ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠠᠵᠢᠯ ᠤᠨ ᠲᠤᠬᠠᠶ ᠴᠢᠬᠤᠯᠠ ᠥᠭᠦᠯᠡᠮᠵᠢ ᠶᠢ ᠦᠷᠭᠡᠨ ᠳᠡᠯᠭᠡᠷ ᠢᠶᠠᠷ ᠤᠬᠠᠭᠤᠯᠵᠤ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠮᠵᠢᠯᠳᠠ ᠪᠦᠳᠦᠮᠵᠢ ᠶᠢ ᠬᠦᠢᠴᠡᠳ ᠳᠠᠯᠭᠡᠨ ᠦᠵᠡᠭᠦᠯᠵᠤ᠂ ᠨᠡᠶᠢᠭᠡᠮ ᠤᠨ ᠡᠯ᠎ᠠ ᠡᠳᠡᠭᠡᠳ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠤᠷᠤᠯᠴᠠᠬᠤ ᠠᠷᠭ᠎ᠠ ᠵᠠᠮ ᠎ ᠢ ᠦᠷᠭᠡᠳᠭᠡᠨ ᠤᠷᠮ᠎ᠠ ᠵᠣᠷᠢᠭ ᠢ ᠨᠢ ᠴᠢᠨᠠᠭᠰᠢᠳᠠ ᠬᠥᠭᠵᠢᠭᠡᠵᠤ᠂ ᠢᠳᠡᠪᠬᠢ ᠬᠦᠴᠦᠨ ᠢ ᠨᠢᠭᠲᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠡᠯᠳᠡ ᠶᠢ ᠳᠡᠮᠡᠴᠡᠨ ᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠪᠤᠯᠤᠨ᠎ᠠ᠃      ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠤᠨ ᠤᠯᠤᠰ ᠤᠨ ︽ᠶᠠᠳᠠᠭᠤ ᠶᠢ ᠲᠡᠳᠬᠦᠬᠦ ᠡᠳᠦᠷ︾᠎ ᠲᠤ ᠭᠤᠤᠯᠳᠠᠭᠤ ᠰᠢ ᠶᠢᠨ ᠫᠢᠩ ᠤᠨ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠠᠵᠢᠯ ᠤᠨ ᠲᠤᠬᠠᠢ ᠴᠢᠬᠤᠯᠠ ᠥᠭᠦᠯᠡᠮᠵᠢ ᠶᠢ ᠰᠤᠷᠤᠯᠴᠠᠭᠰᠠᠨ ᠡᠬᠡ ᠪᠢᠴᠢᠭ ᠡᠯᠰᠡᠨ ᠰᠤᠳᠤᠯᠤᠨ ᠶᠠᠷᠢᠯᠴᠠᠬᠤ ᠠᠵᠢᠯᠯᠠᠭ᠎ᠠ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠱᠠᠩᠨᠠᠯ ᠢ ᠰᠢᠯᠭᠠᠷᠠᠭᠤᠯᠤᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ᠂ ︽︿ᠲᠦᠷᠪᠡᠨ ᠤᠬᠠᠮᠰᠠᠷ﹀᠎ ᠢ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠭᠰᠡᠨ︾ ᠶᠠᠷᠢᠶ᠎ᠠ ᠢᠯᠡᠳᠭᠡᠯ ᠤᠨ ᠠᠵᠢᠯᠯᠠᠭ᠎ᠠ ᠵᠡᠷᠭᠡ 8 ᠵᠦᠢᠯ ᠤᠨ ᠠᠵᠢᠯᠯᠠᠭ᠎ᠠ ᠥᠷᠨᠢᠭᠦᠯᠬᠦ ᠪᠣᠯᠤᠨ᠎ᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠴᠤ ᠤᠯᠠᠨ ᠬᠡᠯᠪᠡᠷᠢ ᠪᠠᠷ ᠤᠯᠤᠰ ᠤᠨ ︽ᠶᠠᠳᠠᠭᠤ ᠶᠢ ᠲᠡᠳᠬᠦᠬᠦ ᠡᠳᠦᠷ︾᠎ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠡᠶᠢᠭᠡᠮ ᠳᠠᠶᠠᠭᠠᠷ ᠤᠨ ᠶᠠᠳᠠᠭᠤ ᠬᠦᠴᠢᠷᠳᠡᠯᠲᠡᠶ ᠶᠢ ᠠᠩᠬᠠᠷᠤᠨ ᠬᠠᠯᠠᠮᠵᠢᠯᠠᠬᠤ᠂ ᠶᠠᠳᠠᠭᠤ ᠶᠢ ᠳᠡᠳᠭᠦᠭᠦ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠤᠳᠤᠬᠠᠨ ᠳᠤ ᠮᠠᠨ ᠤ ᠣᠷᠣᠨ ᠨᠡᠶᠢᠭᠡᠮ ᠤᠨ ᠬᠦᠴᠦᠨ ᠢ ᠥᠷᠭᠡᠨ ᠳᠡᠯᠭᠡᠷ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠨᠡᠶᠢᠭᠡᠮ ᠤᠨ ᠡᠯ᠎ᠠ ᠡᠳᠡᠭᠡᠳ ᠤᠨ ᠬᠢᠨ ᠤ ᠶᠠᠳᠠᠭᠤ ᠶᠢ ᠲᠡᠳᠬᠦᠬᠦ ᠬᠦᠴᠦᠷᠭᠡᠭ ᠶᠡᠭᠡ ᠬᠠᠮᠳᠤᠷᠠᠯ ᠬᠦᠴᠦᠨ ᠢ ᠪᠤᠢ ᠪᠤᠯᠭᠠᠭᠠᠳ ᠢᠯᠡᠳᠳᠡ ᠠᠮᠵᠢᠯᠳᠠ ᠪᠦᠲᠦᠮᠵᠢ ᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号